ᠾᠧ ᠬᠠᠢ ᠳ᠋ᠦᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦᠢ ᠺᠤᠸᠠᠨ ᠷᠦᠩ ᠪᠦᠯᠦᠭ ᠬᠥᠮᠥᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2021/10/20
      10 ᠳ᠋ᠤᠭᠠᠷ ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦᠢ ᠺᠤᠸᠠᠨ ᠷᠦᠩ ᠪᠦᠯᠦᠭ ᠬᠥᠮᠥᠰ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠬᠦ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃       ᠾᠧ ᠬᠠᠢ ᠳ᠋ᠦᠩ ᠶᠠᠭᠤᠨ ᠤ ᠡᠮᠦᠨ᠎ᠡ ᠯᠢᠦᠢ ᠺᠤᠸᠠᠨ ᠷᠦᠩ ᠪᠦᠯᠦᠭ ᠬᠥᠮᠥᠰ ᠤᠨ ᠮᠠᠨ ᠤ ᠬᠤᠳᠠ ᠳᠤ ᠢᠷᠡᠵᠦ ᠰᠢᠨᠵᠢᠯᠡᠨ ᠪᠠᠶᠢᠴᠠᠭᠠᠵᠤ ᠬᠠᠮᠲᠤᠷᠠᠯᠴᠠᠭ᠎ᠠ ᠬᠢᠬᠦ  ᠲᠤᠬᠠᠢ ᠬᠡᠯᠡᠯᠴᠡᠬᠦ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠬᠤᠳᠠ ᠶᠢᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠲᠤᠮᠤ ᠬᠡᠯᠪᠡᠷᠢ ᠶᠢᠨ ᠪᠠᠷᠢᠯᠭ᠎ᠠ ᠶᠢᠨ ᠭᠤᠣᠯᠯᠠᠭᠴᠢ ᠠᠵᠤ ᠠᠬᠤᠶᠢᠯᠠᠯ ᠤᠨ ᠪᠦᠯᠦᠭᠯᠡᠯ ᠪᠣᠯᠤᠭᠰᠠᠨ ᠤ ᠬᠤᠪᠢ ᠳᠤ ᠮᠠᠰᠢ ᠶᠡᠭᠡ ᠪᠣᠳᠠᠲᠤ ᠬᠦᠴᠦᠨ ᠲᠠᠢ ᠪᠠᠶᠢᠵᠤ᠂ ᠬᠤᠳᠠ ᠶᠢᠨ ᠪᠦᠳᠦᠭᠡᠨ ᠪᠠᠶᠢᠭᠤᠯᠤᠯᠲᠠ᠂ ᠴᠢᠬᠤᠯᠠ ᠶᠡᠭᠡ ᠲᠦᠷᠦᠯ ᠵᠦᠢᠯ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠤ ᠳᠤᠪᠤᠶᠢᠮ᠎ᠠ ᠳᠠᠪᠠᠭᠤᠯᠢᠭ ᠲᠠᠢ ᠶᠤᠮ᠃ ᠤᠯᠠᠨ ᠵᠢᠯ ᠤᠨ ᠲᠤᠷᠰᠢ᠂ ᠬᠥᠬᠡᠬᠤᠲᠠ ᠬᠤᠲᠠ ᠶᠢᠨ ᠰᠠᠭᠤᠷᠢ ᠲᠥᠬᠦᠭᠡᠷᠦᠮᠵᠢ᠂ ᠬᠤᠲᠠ ᠶᠢᠨ ᠴᠢᠳᠠᠪᠤᠷᠢ ᠪᠣᠯᠤᠨ ᠴᠢᠨᠠᠷ ᠳᠡᠰ ᠢ ᠳᠡᠭᠡᠭᠰᠢᠯᠡᠭᠦᠯᠬᠦ ᠲᠠᠯ᠎ᠠ ᠪᠠᠷ ᠮᠠᠰᠢ ᠶᠡᠭᠡ ᠬᠦᠴᠦ ᠣᠷᠣᠭᠤᠯᠵᠠᠢ᠂ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠡᠯᠡ ᠮᠥᠩᠭᠦ᠂ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠡᠭᠦᠨ ᠤ ᠬᠠᠮᠲᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠤ ᠠᠵᠤ ᠠᠬᠤᠶᠢᠯᠠᠯ ᠤᠨ ᠬᠥᠬᠡᠬᠤᠲᠠ ᠳᠠᠬᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠦᠨ ᠥᠭᠴᠦ᠂ ᠨᠠᠩ ᠣᠯᠠᠨ ᠳᠡᠮᠵᠢᠯᠭᠡ ᠦᠢᠯᠡᠴᠢᠯᠡᠭᠡ ᠬᠠᠩᠭᠠᠨ᠎ᠠ ᠭᠡᠵᠡᠢ᠃      ᠯᠢᠦᠶ ᠺᠤᠸᠠᠨ ᠷᠦᠩ ᠠᠵᠤ ᠠᠬᠤᠶᠢᠯᠠᠯ ᠤᠨ ᠢᠶᠠᠨ ᠬᠠᠮᠢᠶ᠎ᠠ ᠪᠥᠬᠦᠶ ᠪᠠᠶᠢᠳᠠᠯ ᠢ ᠲᠣᠪᠴᠢ ᠲᠠᠨᠢᠯᠴᠠᠭᠤᠯᠵᠤ᠂ ᠮᠠᠨ ᠤ ᠬᠤᠲᠠ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠴᠢᠩ ᠦᠨᠡᠨᠴᠢ ᠬᠦᠰᠡᠯ ᠢᠶᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠥᠬᠡᠬᠤᠲᠠ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ