ᠪᠣᠣ ᠭᠠᠩ ᠴᠢᠩ ᠱᠦᠢ ᠾᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠬᠠᠩᠭᠠᠯᠭ᠎ᠠ ᠶᠢᠨ ᠬᠡᠯᠬᠢᠶ᠎ᠡ ᠶᠢ ᠠᠭᠤᠰᠤᠯᠴᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠵᠢᠱᠢᠶ᠎ᠡ ᠦᠵᠡᠭᠦᠯᠬᠦ ᠵᠠᠭᠪᠤᠷ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/10/20
      ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠴᠢᠩ ᠱᠦᠢ ᠡᡁᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠪᠣᠳᠠᠲᠠᠢ ᠳᠤ ᠰᠠᠭᠤᠷᠢᠯᠠᠵᠤ᠂ ᠳᠠᠯᠳᠠ ᠬᠦᠴᠦᠨ ᠢ ᠠᠭᠤᠳᠠᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠢ ᠴᠢᠩᠭ᠎ᠠ ᠠᠳᠬᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠬᠠᠩᠭᠠᠯᠭ᠎ᠠ ᠶᠢᠨ ᠬᠡᠯᠬᠢᠶ᠎ᠡ ᠶᠢ ᠠᠭᠤᠰᠤᠯᠴᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠵᠢᠱᠢᠶ᠎ᠡ ᠦᠵᠡᠭᠦᠯᠬᠦ ᠵᠠᠭᠪᠤᠷ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠡᠢ᠃       ᠪᠣᠣ ᠭᠠᠩ ᠤᠷᠢᠳ ᠬᠤᠵᠢᠳ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠤᠨ ᠰᠠᠭᠠᠯᠢ ᠶᠢᠨ ᠦᠨᠢᠶᠡᠨ ᠤ ᠭᠤᠣᠯ ᠡᠭᠦᠯᠳᠡᠷ ᠪᠤᠶᠢᠵᠢᠭᠤᠯᠬᠤ ᠲᠠᠯᠠᠪᠠᠢ ᠪᠣᠯᠤᠨ ᠤᠯᠤᠰ ᠤᠨ ᠬᠦᠪᠦᠷᠡᠯ ᠤᠨ ᠢᠨᠵᠧᠨᠧᠷᠢᠩ ᠤᠨ ᠲᠥᠪ ᠤᠨ ᠲᠦᠷᠦᠯ ᠵᠦᠢᠯ᠂ ᠬᠤᠩ ᠾᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠦᠷᠦᠯ ᠵᠦᠢᠯ ᠪᠣᠯᠤᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠠᠶᠢᠴᠠᠭᠠᠨ ᠰᠤᠳᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠡᠷᠭᠢᠯᠲᠡ᠂ ᠬᠥᠭᠵᠢᠯᠲᠡ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃       ᠪᠣᠣ ᠭᠠᠩ ᠴᠢᠬᠤᠯᠠᠴᠢᠯᠠᠬᠤ ᠳᠠᠭᠠᠨ᠂ ᠴᠢᠩ ᠱᠦᠢ ᠾᠧ ᠰᠢᠶᠠᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠤᠨᠴᠠᠯᠢᠬᠳᠤ ᠳᠠᠷᠢᠵᠤ ᠲᠡᠵᠢᠭᠡᠬᠦ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠂ ᠥᠨᠳᠦᠷᠯᠢᠭ ᠤᠨ ᠤᠨᠴᠠᠯᠢᠬᠳᠤ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠤᠨᠴᠠᠯᠢᠬᠳᠤ ᠵᠢᠵᠢᠭ ᠡᠯᠳᠡᠪ ᠠᠮᠤ ᠵᠡᠷᠭᠡ ᠳᠠᠪᠠᠭᠤᠯᠢᠭ ᠠᠵᠤ ᠦᠢᠯᠡᠰ ᠢ ᠨᠠᠷᠢᠯᠢᠭᠵᠢᠭᠤᠯᠤᠨ ᠬᠦᠴᠦᠷᠬᠡᠭᠵᠢᠭᠦᠯᠵᠦ᠂ ᠪᠣᠬᠢᠷᠲᠤᠯ ᠥᠬᠡᠶ ᠡᠯᠳᠡᠪ ᠠᠮᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢᠶᠠᠷ ᠭᠤᠤᠯ ᠪᠣᠯᠭᠠᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠢ᠃ ᠮᠠᠨ ᠤ ᠬᠤᠲᠠ ᠶᠢᠨ ︽ᠮᠢᠩᠭᠠᠨ ᠳ᠋ᠦᠩᠰᠢᠭᠤᠷ ᠲᠠᠰ ᠤᠨ ᠰᠦᠨ ᠤ ᠠᠵᠤ ᠦᠢᠯᠡᠰ ᠤᠨ ᠪᠥᠭᠡᠮᠨᠡᠷᠡᠯ︾ ᠢ ᠪᠣᠶ ᠪᠣᠯᠭᠠᠬᠤ ᠠᠵᠠ ᠲᠣᠬᠢᠶᠠᠯ ᠢ ᠴᠢᠩᠭ᠎ᠠ ᠠᠳᠬᠤᠨ᠂ ᠴᠢᠬᠤᠯᠠ ᠶᠡᠭᠡ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠴᠤ᠂ ᠤᠯᠤᠰ ᠤᠨ ᠰᠦᠨ ᠤ ᠦᠢᠯᠡᠰ ᠤᠨ ᠰᠢᠨ᠎ᠡ ᠶᠢ ᠡᠭᠦᠳᠬᠦ ᠲᠥᠪ ᠤᠨ ᠰᠠᠭᠠᠯᠢ ᠶᠢᠨ ᠦᠨᠢᠶᠡᠨ ᠤ ᠭᠤᠤᠯ ᠡᠭᠦᠯᠳᠡᠷ ᠪᠤᠶᠢᠵᠢᠭᠤᠯᠬᠤ ᠲᠠᠯᠠᠪᠠᠶ ᠬᠢᠭᠡᠳ ᠤᠯᠤᠰ ᠤᠨ ᠬᠦᠪᠦᠷᠡᠯ ᠤᠨ ᠢᠨᠵᠧᠨᠧᠷᠢᠩ ᠤᠨ ᠲᠥᠪ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠷᠬᠢᠨ ᠲᠣᠭᠤᠷᠢᠨ ᠤ ᠮᠤᠵᠢ ᠬᠤᠳᠠ ᠰᠢᠶᠠᠨ ᠢ ᠨᠥᠯᠥᠭᠡᠯᠡᠬᠦ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪ ᠢ ᠪᠠᠶᠢᠭᠤᠯᠬᠤ ᠬᠡᠷᠡᠭᠲᠡᠢ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠴᠢᠭᠯᠡᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠢ ᠨᠠᠷᠢᠨ ᠨᠢᠮᠪᠠᠢ ᠪᠤᠶᠢᠵᠢᠭᠤᠯᠵᠤ᠂ ᠳᠡᠭᠡᠳᠦ ᠳᠡᠰ ᠤᠨ᠂ ᠤᠯᠠᠨ ᠡᠰᠢᠵᠢᠭᠰᠡᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠱᠠᠭᠠᠷᠳᠠᠯᠭ᠎ᠠ ᠶᠣᠰᠣᠭᠠᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠴᠢᠨᠠᠷ ᠢ ᠬᠢᠨᠠᠨ ᠪᠠᠶᠢᠴᠠᠭᠠᠬᠤ᠂ ᠭᠤᠣᠯ ᠤᠨ ᠵᠠᠮ ᠢ ᠬᠠᠮᠢᠶᠠᠷᠴᠤ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠠᠲᠤᠨ ᠭᠤᠣᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠠᠲᠤᠨ ᠭᠤᠣᠯ ᠤᠨ ᠦᠯᠢᠭᠡᠷ ᠢ ᠰᠠᠶᠢᠲᠤᠷ ᠶᠠᠷᠢᠵᠤ᠂ ᠬᠠᠲᠤᠨ ᠭᠤᠣᠯ ᠤᠨ ᠵᠤᠭᠠᠴᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠲᠠᠪᠤᠨ A ᠳᠡᠰ ᠤᠨ ᠦᠵᠡᠮᠵᠢ ᠶᠢᠨ ᠣᠷᠣᠨ ᠢ ᠢᠳᠡᠪᠬᠢᠲᠡᠢ ᠡᠭᠦᠳᠴᠦ᠂ ᠯᠣᠣ ᠨᠢᠤ ᠸᠠᠨ᠂ ᠯᠣᠣ ᠨᠢᠤ ᠫᠦᠸᠧ ᠪᠠᠷ ᠭᠤᠣᠯ ᠪᠣᠯᠭᠠᠭᠰᠠᠨ ᠪᠦᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠠᠮᠢᠳᠤᠯᠢᠭ ᠦᠢᠯᠡᠳᠦᠯᠭᠡ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃    
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ