10 ᠳ᠋ᠤᠭᠠᠷ ᠰᠠᠷ᠎ᠠ ᠶᠢᠨ 20 ᠤ ᠡᠳᠦᠷ ᠤᠨ 7 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/10/20
      2021 ᠣᠨ ᠤ 10 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ ᠠᠴᠠ 10 ᠳ᠋ᠤᠭᠠᠷ ᠰᠠᠷ᠎ᠠ ᠶᠢᠨ 20 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 3 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ       ᠡᠪᠡᠳᠴᠢᠨ ᠤ ᠵᠢᠱᠢᠶ᠎ᠡ 1᠂ ᠡᠪᠡᠳᠴᠢᠨ ᠤ ᠵᠢᠱᠢᠶ᠎ᠡ 2 ᠪᠣᠯ 10 ᠳ᠋ᠤᠭᠠᠷ ᠰᠠᠷ᠎ᠠ ᠶᠢᠨ 18 ᠤ ᠡᠳᠦᠷ ᠡᠷᠢᠶᠡᠨ ᠬᠤᠲᠠ ᠠᠴᠠ ᠰᠢᠯᠢᠨ ᠨᠡᠶᠢᠭᠡᠮ ᠲᠣᠭᠤᠷᠢᠭ᠂ ᠰᠢ ᠴᠧᠩ ᠨᠡᠶᠢᠭᠡᠮ ᠲᠣᠭᠤᠷᠢᠭ ᠤᠨ 2 ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶ᠎ᠡ ᠳᠤ 2 ᠬᠥᠮᠥᠨ ᠠᠴᠠ ᠠᠷᠭ᠎ᠠ ᠴᠢᠨᠠᠷ ᠢᠯᠡᠷᠡᠭᠦᠯᠵᠦ᠂ 10 ᠳ᠋ᠤᠭᠠᠷ ᠰᠠᠷ᠎ᠠ ᠶᠢᠨ 19 ᠤ ᠡᠳᠦᠷ ᠳᠠᠬᠢᠨ ᠬᠠᠷᠭᠤᠭᠤᠯᠬᠤ ᠳᠤ ᠠᠷᠭ᠎ᠠ ᠴᠢᠨᠠᠷ ᠢᠯᠡᠷᠡᠵᠡᠢ᠃ ᠰᠢᠯᠢ ᠶᠢᠨ ᠭᠤᠣᠯ ᠠᠶᠢᠮᠠᠭ ᠤᠨ ᠲᠤᠰᠬᠠᠢ ᠮᠡᠷᠭᠡᠵᠢᠯᠲᠡᠨ ᠤ ᠬᠠᠮᠲᠤ ᠶᠢᠨ ᠣᠨᠣᠰᠢᠯᠠᠯᠲᠠ ᠪᠠᠷ 2 ᠬᠥᠮᠥᠨ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠲᠣᠳᠣᠯᠠᠪᠠ᠃       ᠡᠪᠡᠳᠴᠢᠨ ᠤ ᠵᠢᠱᠢᠶ᠎ᠡ 3 ᠨᠢ᠂ 10 ᠳ᠋ᠤᠭᠠᠷ ᠰᠠᠷ᠎ᠠ ᠶᠢᠨ 13 ᠤ ᠡᠳᠦᠷ ᠤᠨ ᠡᠷᠢᠶᠡᠨ ᠬᠤᠲᠠ ᠶᠢᠨ ᠲᠣᠳᠣᠯᠠᠭᠰᠠᠨ ᠡᠪᠡᠳᠴᠢᠲᠡᠨ ᠤ ᠣᠶᠢᠷ᠎ᠠ ᠬᠠᠪᠢᠳᠠᠯ ᠪᠠᠶᠢᠵᠤ᠂ 10 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠵᠦ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 10 ᠳ᠋ᠤᠭᠠᠷ ᠰᠠᠷ᠎ᠠ ᠶᠢᠨ 19 ᠤ ᠡᠳᠦᠷ ᠳᠠᠬᠢᠨ ᠬᠢᠨᠠᠨ ᠬᠠᠷᠭᠤᠭᠤᠯᠵᠤ ᠠᠷᠭ᠎ᠠ ᠴᠢᠨᠠᠷ ᠢᠯᠡᠷᠡᠪᠡ᠃ ᠰᠢᠯᠢ ᠶᠢᠨ ᠭᠤᠣᠯ ᠠᠶᠢᠮᠠᠭ ᠤᠨ ᠲᠤᠰᠬᠠᠢ ᠮᠡᠷᠭᠡᠵᠢᠯᠲᠡᠨ ᠤ ᠬᠠᠮᠲᠤ ᠶᠢᠨ ᠣᠨᠣᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠲᠣᠳᠣᠯᠠᠪᠠ᠃       ᠣᠳᠣ᠂ 3 ᠬᠥᠮᠥᠨ ᠢ ᠡᠷᠢᠶᠡᠨ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠬᠤᠯᠪᠣᠭᠳᠠᠯ ᠪᠦᠬᠦᠢ ᠲᠠᠬᠤᠯ ᠡᠪᠡᠳᠴᠢᠨ ᠤ ᠪᠠᠶᠢᠴᠠᠭᠠᠯᠲᠠ᠂ ᠰᠢᠭᠰᠢᠨ ᠪᠠᠶᠢᠴᠠᠭᠠᠬᠤ ᠵᠡᠷᠭᠡ ᠠᠵᠢᠯ ᠢ ᠶᠠᠭ ᠬᠢᠵᠦ ᠪᠠᠶᠢᠨ᠎ᠠ᠃      2021 ᠣᠨ ᠤ 10 ᠳ᠋ᠤᠭᠠᠷ ᠰᠠᠷ᠎ᠠ ᠶᠢᠨ 20 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠠᠬᠢᠨ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 12 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 7᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 5︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠳᠡᠯᠭᠡᠷᠡᠨ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ