ᠬᠤᠷᠢᠨᠭᠡᠷ ᠰᠢᠶᠠᠨ ᠤ ᠤᠯᠤᠰ ᠲᠦᠷᠦ ᠶᠢᠨ ᠵᠥᠪᠯᠡᠯᠭᠡᠨ ᠬᠡᠰᠡᠭ ᠭᠡᠰᠢᠭᠦᠳ ᠢ ᠵᠣᠬᠢᠶᠠᠨ ᠪᠠᠶᠢᠭᠤᠯᠵᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/10/21
10.21微信平台 和林格尔县政协组织部分委员对少数民族聚居村建设发展情况进行视察 1.jpg
10.21微信平台 和林格尔县政协组织部分委员对少数民族聚居村建设发展情况进行视察 2.jpg
      10 ᠰᠠᠷ᠎ᠠ ᠶᠢᠨ 19 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠬᠡᠰᠡᠭ ᠭᠡᠰᠢᠭᠦᠳ ᠢ ᠵᠣᠬᠢᠶᠠᠨ ᠪᠠᠶᠢᠭᠤᠯᠵᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃       ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠶᠠᠩ ᠴᠢᠶᠦ᠋ᠨ ᠭᠸᠤ ᠰᠢᠶᠠᠩ ᠤᠨ ᠰᠢ ᠴᠠᠩ ᠲᠣᠰᠬᠤᠨ᠂ ᠶᠡᠭᠡ ᠤᠯᠠᠭᠠᠨᠬᠤᠲᠠ ᠰᠢᠶᠠᠩ ᠤᠨ ᠡᠦ ᠳ᠋ᠠᠩ ᠭᠸᠤ ᠲᠣᠰᠬᠤᠨ᠂ ᠱᠠᠪᠠᠭ᠋ᠠᠢ ᠰᠢᠶᠠᠩ ᠤᠨ ᠨᠣᠮᠴᠢ ᠲᠣᠰᠬᠤᠨ ᠳᠤ ᠭᠦᠨᠵᠡᠭᠡᠶᠢᠷᠡᠵᠦ᠂ ᠦᠨᠳᠦᠰᠦᠲᠡᠨ ᠤ ᠤᠨᠴᠠᠯᠢᠭᠳᠤ ᠲᠣᠰᠬᠤᠨ᠂ ᠪᠠᠶᠠᠵᠢᠯ ᠤᠨ ᠵᠠᠮ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ︔ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠰᠣᠨᠣᠰᠪᠠ︔ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠰᠤᠷᠭᠠᠨ ᠬᠥᠮᠦᠵᠢᠯ᠂ ᠠᠵᠢᠯ ᠣᠯᠭᠤᠯᠲᠠ ᠶᠢᠨ ᠲᠠᠯ᠎ᠠ ᠪᠠᠷ ᠬᠢ ᠬᠦᠴᠢᠷᠳᠡᠯ ᠢ ᠯᠠᠪᠯᠠᠨ ᠠᠰᠠᠭᠤᠪᠠ︔ ᠵᠠᠮ ᠳᠠᠭᠠᠤ ᠲᠡᠷᠭᠡᠨ ᠳᠤ ᠰᠠᠭᠤᠵᠤ ᠲᠣᠰᠬᠤᠨ ᠳᠤ ᠣᠷᠣᠬᠤ ᠵᠠᠮ ᠤᠨ ᠬᠠᠲᠠᠭᠤᠷᠠᠯ ᠪᠠ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃       ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠣᠶᠢᠷ᠎ᠠ ᠶᠢᠨ ᠵᠢᠯ ᠤᠨ ᠲᠤᠷᠰᠢᠬᠢ ᠡᠯ᠎ᠡ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠣᠯᠤᠭᠰᠠᠨ ᠠᠮᠵᠢᠯᠲᠠ ᠪᠦᠲᠦᠮᠵᠢ ᠪᠠ ᠠᠷᠭ᠎ᠠ ᠬᠢᠳᠡᠯ ᠢ ᠭᠦᠢᠴᠡᠳ ᠨᠤᠲᠠᠯᠠᠵᠤ᠂ ᠰᠢᠶᠠᠩ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠤ ᠦᠢᠯᠡᠰ ᠤᠨ ᠬᠦᠷᠢᠶ᠎ᠡ ᠶᠢ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠭᠤᠸᠠᠨ ᠶᠤᠸᠠᠨ᠂ ᠶᠦᠨ ᠵᠢᠢ ᠶᠢᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ