ᠬᠤᠷᠢᠨᠭᠡᠷ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/21
10.21微信平台 和林格尔县召开疫情防控工作会议.jpg
      ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠰᠢᠶᠤᠤ ᠮᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠨᠢ ᠪᠦᠬᠦ ᠲᠠᠯ᠎ᠠ ᠳᠤ ᠬᠤᠯᠪᠣᠭᠳᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ᠂ ᠪᠡᠶ᠎ᠡ ᠮᠠᠬᠠᠪᠣᠳ ᠤᠨ ᠡᠷᠡᠭᠦᠯ ᠮᠡᠨᠳᠤ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠰᠢᠨ᠎ᠡ ᠬᠤᠪᠢᠷᠠᠯᠲᠠ ᠶᠢ ᠭᠦᠨᠵᠡᠭᠡᠢ ᠲᠠᠨᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠠᠶᠤᠯ ᠲᠦᠭᠰᠢᠭᠦᠷᠢ ᠲᠠᠢ ᠭᠠᠵᠠᠷ ᠣᠷᠣᠨ ᠤ ᠨᠠᠰᠢ ᠴᠠᠰᠢ ᠶᠠᠪᠤᠬᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠰ ᠤᠨ ᠨᠡᠭᠦᠳᠡᠯ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠨᠢᠭᠡ ᠡᠷᠦᠬᠡ ᠨᠢᠭᠡ ᠬᠥᠮᠦᠨ ᠢ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠡᠲᠦ ᠳᠡᠯᠭᠡᠭᠦᠷ᠂ ᠺᠢᠨᠣ᠋ ᠶᠢᠨ ᠣᠷᠳᠣᠨ ᠵᠡᠷᠭᠡ ᠬᠥᠮᠦᠨ ᠣᠯᠠᠨ᠂ ᠰᠢᠯᠵᠢᠮᠡᠯ ᠴᠢᠨᠠᠷ ᠢᠶᠠᠷ ᠶᠡᠭᠡ ᠲᠠᠯᠠᠪᠤᠷ ᠲᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠨ᠎ᠠ︔ ᠸᠠᠺᠼᠢᠨ ᠤ ᠲᠠᠷᠢᠯᠭ᠎ᠠ ᠶᠢ ᠲᠦᠷᠭᠡᠪᠴᠢᠯᠡᠨ ᠠᠬᠢᠭᠤᠯᠵᠤ᠂ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠤᠨ᠂ ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ ᠬᠡᠷᠡᠭᠲᠡᠶ︔ ᠡᠯ᠎ᠡ ᠵᠦᠢᠯ ᠤᠨ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃       ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ