ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 2021 ᠣᠨ ᠤ 8 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/21
ᠾᠧ ᠬᠠᠢ ᠳ᠋ᠦᠩ ᠬᠤᠷᠠᠯ ᠡᠷᠬᠢᠯᠡᠪᠡ       ︵ᠰᠤᠷᠪᠤᠯᠵᠢᠯᠠᠭᠴᠢ ᠠᠷᠢᠭᠤᠨ᠎ᠠ︶ 10 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠾᠧ ᠬᠠᠶ ᠳ᠋ᠦᠩ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 2021 ᠣᠨ ᠤ 8 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠤᠨ ᠠᠵᠢᠯ ᠤᠨ ᠪᠠᠶᠢᠳᠠᠯ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠨᠡᠶᠢᠭᠡᠮ ᠤᠨ ᠬᠠᠮᠢᠶᠠᠷᠤᠯᠲᠠ ᠡᠵᠡᠮᠳᠡᠯ ᠪᠠ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠪᠠᠶᠢᠳᠠᠯ ᠢ ᠰᠣᠨᠣᠰᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠳᠤ᠂ ᠮᠠᠨ ᠤ ᠣᠷᠣᠨ ᠤ ᠡᠷᠢᠶᠡᠨ ᠬᠤᠲᠠ᠂ ᠡᠵᠡᠨ᠎ᠡ ᠬᠤᠰᠢᠭᠤᠨ ᠳᠤ ᠵᠠᠯᠭᠠᠭ᠎ᠠ ᠪᠠᠷ ᠬᠢᠵᠢᠭ ᠤᠨ ᠪᠠᠶᠢᠳᠠᠯ ᠡᠭᠦᠰᠪᠡ᠂ ᠮᠠᠨ ᠤ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠡᠷᠬᠡᠪᠰᠢ ᠴᠠᠭ ᠢᠮᠠᠭᠲᠠ ᠴᠢᠩᠭᠠᠯᠠᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ᠂ ᠪᠣᠳᠠᠲᠠᠶ᠂ ᠲᠦᠷᠭᠡᠨ᠂ ᠲᠤᠯᠭᠠᠮ᠎ᠠ᠂ ᠨᠠᠷᠢᠯᠢᠭ ᠰᠠᠶᠢᠲᠤᠷ ᠬᠢᠵᠦ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠨᠢᠭᠡ ᠠᠴᠠ ᠨᠥᠬᠦᠭᠡ ᠶᠢ ᠵᠦᠢᠴᠢᠯᠡᠨ ᠮᠡᠳᠡᠵᠦ᠂ ᠴᠣᠭᠤᠷᠬᠠᠢ ᠪᠠᠨ ᠪᠠᠶᠢᠴᠠᠭᠠᠨ ᠳᠤᠲᠠᠭᠤ ᠪᠠᠨ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠪᠠᠷ ᠢᠶᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠨᠵᠡᠭᠡᠶ ᠤᠶᠢᠯᠠᠭᠠᠨ ᠡᠵᠡᠮᠰᠢᠵᠦ᠂ ᠠᠵᠢᠯ ᠤᠨ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠯ᠎ᠡ ᠱᠠᠲᠤᠨ ᠤ ᠵᠢᠯᠣᠭᠤᠳᠬᠤ ᠰᠢᠰᠲ᠋ᠧᠮᠵᠢ ︽ᠬᠥᠳᠡᠯᠦᠯᠴᠡᠵᠦ︾᠂ ᠡᠯ᠎ᠡ ᠵᠦᠢᠯ ᠤᠨ ᠠᠵᠢᠯ ᠳᠤ ︽ᠰᠡᠷᠭᠡᠶᠢᠯᠡᠵᠦ︾᠂ ᠡᠯ᠎ᠡ ᠲᠥᠷᠥᠯ ᠤᠨ ᠵᠢᠩᠭᠢᠨᠢ ᠳᠠᠶᠢᠨ ᠳᠤ ︽ᠪᠡᠯᠡᠳᠬᠡᠵᠦ︾᠂ ᠡᠯ᠎ᠡ ᠲᠥᠷᠥᠯ ᠤᠨ ᠭᠤᠤᠯᠳᠠᠯᠭ᠎ᠠ ᠶᠢ ︽ᠠᠳᠬᠤᠵᠤ︾᠂ ᠪᠥᠬᠦ ᠠᠷᠠᠳ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠶᠢ ︽ᠳᠡᠭᠡᠭᠰᠢᠯᠡᠭᠦᠯᠵᠦ︾᠂ ᠸᠠᠺᠼᠢᠨ ᠤ ᠲᠠᠷᠢᠯᠭ᠎ᠠ ᠶᠢ ︽ᠲᠦᠷᠭᠡᠳᠬᠡᠵᠦ︾᠂ ᠤᠬᠠᠭᠤᠯᠭ᠎ᠠ ᠵᠢᠯᠣᠭᠤᠳᠤᠯᠭ᠎ᠠ ᠶᠢ ︽ᠴᠢᠩᠭᠠᠳᠬᠠᠵᠤ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠬᠤᠯᠪᠣᠭᠳᠠᠯ ᠪᠥᠬᠦᠶ ᠬᠥᠮᠦᠰ ᠢ ᠰᠢᠭᠰᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠵᠢᠷᠤᠮᠵᠢᠭᠰᠠᠨ ᠶᠠᠪᠤᠴᠠ ᠶᠢᠨ ᠶᠣᠰᠣᠭᠠᠷ ᠡᠷᠡᠭᠦᠯ ᠮᠡᠨᠳᠦ ᠶᠢᠨ ᠪᠠᠶᠢᠴᠠᠭᠠᠯᠲᠠ᠂ ᠪᠥᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠨ ᠠᠵᠢᠭᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠨ ᠬᠠᠮᠢᠶᠠᠷᠤᠨ ᠡᠵᠡᠮᠳᠡᠬᠦ ︽ᠨᠢᠭᠡᠳᠦᠭᠡᠷ ᠹᠷᠣᠨᠲ ᠤᠨ ᠬᠠᠷᠢᠭᠤᠴᠠᠯᠭ᠎ᠠ︾ ᠪᠠᠨ ᠰᠠᠶᠢᠲᠤᠷ ᠨᠠᠶᠢᠳᠠᠪᠤᠷᠢᠵᠢᠭᠤᠯᠵᠤ᠂ ᠡᠷᠬᠡᠪᠰᠢ ᠪᠠᠶᠢᠴᠠᠭᠠᠬᠤ ᠶᠣᠰᠣᠲᠠᠢ ᠶᠢ ᠨᠢ ᠪᠠᠶᠢᠴᠠᠭᠠᠵᠤ᠂ ᠡᠵᠡᠮᠳᠡᠬᠦ ᠶᠣᠰᠣᠲᠠᠢ ᠶᠢ ᠨᠢ ᠡᠵᠡᠮᠳᠡᠵᠦ᠂ ᠲᠤᠰᠠᠭᠠᠷᠯᠠᠬᠤ ᠶᠣᠰᠣᠲᠠᠢ ᠶᠢ ᠨᠢ ᠲᠤᠰᠠᠭᠠᠷᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ  ᠬᠦᠮᠦᠨ᠂ ᠡᠳ᠋ ᠪᠣᠳᠠᠰ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠵᠡᠷᠭᠡ ᠶᠢ ᠡᠷᠲᠡᠬᠡᠨ ᠠᠴᠠ ᠨᠥᠭᠡᠴᠡᠯᠡᠵᠦ᠂ ᠡᠯ᠎ᠡ ᠭᠤᠭᠴᠤᠭ᠎ᠠ ᠶᠢᠨ ᠠᠷᠭ᠎ᠠ ᠬᠡᠮᠵᠢᠶ᠎ᠡ ᠶᠢ ᠦᠨᠡᠨ ᠪᠣᠳᠠᠲᠠᠢ ᠡᠷᠴᠢᠮᠲᠡᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠠᠶᠢᠨ ᠴᠠᠭ ᠲᠣᠬᠢᠶᠠᠯ ᠢ ᠦᠨᠡᠨᠬᠦ ᠰᠠᠶᠢᠲᠤᠷ ᠡᠵᠡᠮᠰᠢᠵᠦ᠂ ᠣᠷᠣᠨ ᠤ ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ ᠭᠡᠵᠡᠢ᠃       ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠠᠤ ᠪᠦᠦ ᠹᠧᠩ᠂ ᠬᠤᠳᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠰᠢᠶᠤᠤ ᠹᠠᠩ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ