10 ᠳ᠋ᠤᠭᠠᠷ ᠰᠠᠷ᠎ᠠ ᠶᠢᠨ 21 ᠤ ᠡᠳᠦᠷ ᠤᠨ 10 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/10/21
      2021 ᠣᠨ ᠤ 10 ᠳ᠋ᠤᠭᠠᠷ ᠰᠠᠷ᠎ᠠ ᠶᠢᠨ 20 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 21 ᠤ ᠡᠳᠦᠷ ᠤᠨ 10 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 3 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 2᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠳᠤ 1︶ ᠨᠡᠮᠡᠭᠳᠡᠵᠦ᠂ 1 ᠡᠪᠡᠳᠴᠢᠲᠡᠨ ︵ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠠᠬᠢᠨ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ᠂ ᠬᠢᠩᠭᠠᠨ ᠠᠶᠢᠮᠠᠭ ᠤᠨ ᠤᠯᠠᠭᠠᠨᠬᠤᠲᠠ ᠳᠤ︶ ᠡᠳᠡᠭᠡᠷᠡᠵᠦ ᠡᠮᠨᠡᠯᠭᠡ ᠠᠴᠠ ᠭᠠᠷᠪᠠ᠃ ᠰᠢᠨ᠎ᠡ ᠨᠡᠮᠡᠭᠳᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠢ ᠪᠠᠶᠢᠳᠠᠯ ᠨᠢ᠄      ᠡᠪᠡᠳᠴᠢᠨ ᠤ ᠵᠢᠱᠢᠶ᠎ᠡ 1᠂ ᠡᠪᠡᠳᠴᠢᠨ ᠤ ᠵᠢᠱᠢᠶ᠎ᠡ 2 ᠨᠢ ᠴᠥᠮ 10 ᠳ᠋ᠤᠭᠠᠷ ᠰᠠᠷ᠎ᠠ ᠶᠢᠨ 20 ᠤ ᠡᠳᠦᠷ ᠡᠷᠢᠶᠡᠨ ᠬᠤᠲᠠ ᠶᠢᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠨ᠂ ᠳᠠᠬᠢᠨ ᠬᠠᠷᠭᠤᠭᠤᠯᠬᠤ ᠳᠤ ᠠᠷᠭ᠎ᠠ ᠴᠢᠨᠠᠷ ᠢᠯᠡᠷᠡᠵᠦ᠂ ᠰᠢᠯᠢ ᠶᠢᠨ ᠭᠤᠣᠯ ᠠᠶᠢᠮᠠᠭ ᠤᠨ ᠲᠤᠰᠬᠠᠢ ᠮᠡᠷᠭᠡᠵᠢᠯᠲᠡᠨ ᠤ ᠬᠠᠮᠲᠤ ᠶᠢᠨ ᠣᠨᠣᠰᠢᠯᠠᠯᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠲᠣᠳᠣᠯᠠᠪᠠ       ᠡᠪᠡᠳᠴᠢᠨ ᠤ ᠵᠢᠱᠢᠶ᠎ᠡ 3 ᠨᠢ 10 ᠳ᠋ᠤᠭᠠᠷ ᠰᠠᠷ᠎ᠠ ᠶᠢᠨ 20 ᠤ ᠡᠳᠦᠷ ᠤᠨ ᠠᠯᠠᠱᠠ ᠵᠡᠭᠦᠨ ᠬᠤᠰᠢᠭᠤᠨ ᠤ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠠᠯᠠᠱᠠ ᠠᠶᠢᠮᠠᠭ ᠤᠨ ᠲᠤᠰᠬᠠᠢ ᠮᠡᠷᠭᠡᠵᠢᠯᠲᠡᠨ ᠤ ᠬᠠᠮᠲᠤ ᠶᠢᠨ ᠣᠨᠣᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠲᠣᠳᠣᠯᠠᠪᠠ᠃       ᠣᠳᠣ᠂ ᠳᠡᠭᠡᠷᠡᠬᠢ 3 ᠬᠥᠮᠥᠨ ᠢ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠲᠤᠰᠠᠭᠠᠷᠯᠠᠨ ᠡᠮᠨᠡᠵᠦ᠂ ᠬᠤᠯᠪᠣᠭᠳᠠᠯ ᠪᠦᠬᠦᠢ ᠬᠢᠵᠢᠭ ᠡᠪᠡᠳᠴᠢᠨ ᠤ ᠪᠠᠶᠢᠴᠠᠭᠠᠯᠲᠠ᠂ ᠰᠢᠭᠰᠢᠨ ᠪᠠᠶᠢᠴᠠᠭᠠᠬᠤ ᠵᠡᠷᠭᠡ ᠠᠵᠢᠯ ᠢ ᠶᠠᠭ ᠬᠢᠵᠦ ᠪᠠᠶᠢᠨ᠎ᠠ᠃      2021 ᠣᠨ ᠤ 10 ᠳ᠋ᠤᠭᠠᠷ ᠰᠠᠷ᠎ᠠ ᠶᠢᠨ 21 ᠤ ᠡᠳᠦᠷ ᠤᠨ 10 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 15 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 9᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 5᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠳᠤ 1︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠳᠡᠯᠭᠡᠷᠡᠨ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ