ᠬᠠᠭᠤᠷᠠᠶ ᠳᠡᠭᠡᠷᠡᠬᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ‌‍ᠰᠤᠷᠭᠠᠭᠤᠯᠢ ᠶᠢᠨ ᠬᠦᠷᠢᠶ᠎ᠡ ᠶᠢ ᠭᠦᠭᠵᠢᠭᠡᠯ᠎ᠡ
ᠨᠡᠶᠢᠲᠡᠯᠡᠭᠰᠡᠨ ᠴᠠᠭ᠄
2021/10/21
20211021-1.jpg
       ᠤᠢᠢᠷ᠎ᠠ ᠶᠢᠨ ᠵᠢᠯ ᠤᠨ ᠲᠤᠷᠰᠢ᠂ ᠢᠦᠢ ᠴᠢᠤᠸᠠᠨ ᠲᠣᠭᠤᠷᠢᠭ ᠤᠨ ᠡᡁᠧᠩ ᠴᠠᠩ ᠳ᠋ᠢᠶᠠᠨ ᠭᠤᠳᠤᠮᠵᠢ ᠶᠢᠨ ᠪᠠᠭ᠎ᠠ ᠰᠤᠷᠭᠠᠭᠤᠯᠢ ᠶᠢᠨ ᠬᠢᠨ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠬᠠᠭᠤᠷᠠᠢ ᠳᠡᠭᠡᠷᠡᠬᠢ ᠮᠥᠰᠥᠨ ᠳᠡᠪᠦᠷ᠎ᠡ᠂ ᠬᠦᠷᠳᠦᠲᠦ ᠲᠡᠰᠢᠯᠲᠡ ᠵᠡᠷᠭᠡ ᠬᠠᠭᠤᠷᠠᠢ ᠳᠡᠭᠡᠷᠡᠬᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠳᠤ ᠣᠷᠣᠭᠤᠯᠵᠤ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠨᠡᠶᠢᠭᠡᠮᠯᠢᠭ ᠢ ᠪᠠᠶᠢᠭᠤᠯᠵᠤ᠂ ᠰᠤᠷᠤᠭᠴᠢᠳ ᠲᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠮᠡᠳᠡᠷᠡᠭᠦᠯᠵᠦ᠂ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠵᠣᠷᠢᠭ ᠢ ᠬᠥᠭᠵᠢᠭᠡᠵᠦ᠂ ᠪᠡᠶ᠎ᠡ ᠮᠠᠬᠠᠪᠣᠳ ᠢ ᠨᠢ ᠴᠢᠭᠢᠷᠠᠭᠵᠢᠭᠤᠯᠬᠤ ᠶᠢᠨ ᠵᠡᠷᠭᠡᠪᠡᠷ ᠰᠤᠷᠭᠠᠭᠤᠯᠢ ᠶᠢᠨ ᠬᠦᠷᠢᠶᠡᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠠᠢ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ