︽ᠬᠥᠬᠡᠬᠤᠲᠠ ᠶᠢᠨ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/23
      ᠨᠢᠭᠡ᠂ ᠣᠷᠣᠨ ᠲᠤᠭ᠎ᠠ ᠶᠢᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ       ᠶᠡᠷᠦᠩᠬᠡᠶ ᠬᠡᠯᠲᠡᠰ ᠤᠨ ᠠᠵᠤ ᠠᠬᠤᠶ ᠪᠣᠯ ᠬᠤᠳᠠᠯᠳᠤᠭᠠᠨ ᠤ ᠶᠠᠪᠤᠳᠠᠯ ᠤᠨ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠲᠥᠪ ᠲᠣᠭᠤᠷᠢᠭ ︵CBD︶ ᠤᠨ ᠪᠤᠶ ᠪᠣᠯᠬᠤ ᠶᠢ ᠳᠠᠭᠠᠯᠳᠤᠨ ᠭᠠᠷᠴᠤ ᠢᠷᠡᠭᠰᠡᠨ ᠨᠢᠭᠡ ᠵᠦᠢᠯ ᠤᠨ ᠠᠵᠤ ᠠᠬᠤᠶ ᠶᠢᠨ ᠬᠡᠪ ᠵᠠᠭᠪᠤᠷ ᠪᠣᠯᠤᠨ᠎ᠠ᠂ ᠲᠡᠭᠦᠨ ᠤ ᠪᠤᠶ ᠪᠣᠯᠤᠭᠰᠠᠨ ᠨᠢ ᠮᠠᠰᠢ ᠣᠯᠠᠨ ᠡᠬᠢ ᠪᠠᠶᠠᠯᠢᠭ ᠢ ᠬᠤᠷᠠᠮᠳᠤᠭᠤᠯᠤᠨ᠂ ᠣᠨᠴᠠᠭᠠᠶ ᠡᠭᠦᠷᠭᠡ ᠴᠢᠳᠠᠪᠤᠷᠢ ᠲᠠᠢ ᠠᠵᠤ ᠠᠬᠤᠶ ᠶᠢᠨ ᠣᠷᠣᠨ ᠪᠦᠰᠡ ᠶᠢ ᠪᠦᠷᠢᠯᠳᠦᠭᠦᠯᠵᠦ ᠪᠣᠯᠬᠤ ᠮᠥᠷᠲᠡᠭᠡᠨ ᠪᠠᠰᠠ ᠭᠠᠶᠢᠯᠢ ᠲᠠᠲᠠᠪᠤᠷᠢ ᠶᠢᠨ ᠬᠠᠩᠭᠠᠯᠭ᠎ᠠ᠂ ᠠᠵᠤ ᠦᠢᠯᠡᠰ ᠤᠨ ᠪᠦᠭᠡᠮᠨᠡᠷᠡᠯ᠂ ᠠᠵᠢᠯ ᠣᠯᠭᠤᠯᠲᠠ ᠶᠢᠨ ᠦᠷᠡᠵᠢᠪᠦᠷᠢ ᠲᠤᠭ᠎ᠠ᠂ ᠬᠥᠷᠥᠩᠭᠡ  ᠶᠢᠨ ᠨᠡᠮᠡᠭᠳᠡᠯ ᠵᠡᠷᠭᠡ ᠮᠠᠰᠢ ᠣᠯᠠᠨ ᠠᠵᠤ ᠠᠬᠤᠶ ᠶᠢᠨ ᠦᠷ᠎ᠡ ᠠᠰᠢᠭ ᠢ ᠠᠪᠴᠢᠷᠠᠵᠤ ᠪᠣᠯᠤᠨ᠎ᠠ᠃ ᠮᠠᠨ ᠤ ᠬᠤᠲᠠ ᠶᠢᠨ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ  ᠶᠡᠬᠡᠪᠡᠷ ᠲᠦᠯᠬᠢᠨ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠡᠪᠴᠢᠶᠡᠲᠦ ᠦᠢᠯᠡᠳᠦᠯ ᠢ ᠲᠦᠷᠭᠡᠪᠴᠢᠯᠡᠨ ᠪᠣᠢ ᠪᠣᠯᠭᠠᠵᠤ᠂ ᠲᠥᠪ ᠬᠤᠲᠠ ᠶᠢᠨ ᠨᠥᠯᠥᠭᠡᠯᠡᠨ ᠳᠠᠶᠢᠴᠢᠯᠠᠬᠤ ᠴᠢᠳᠠᠮᠵᠢ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠥᠭᠵᠢᠯᠲᠡ ᠶᠢ  ᠲᠡᠳᠬᠦᠬᠦ ᠱᠠᠩᠨᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠴᠢᠬᠤᠯᠠᠲᠠᠶ ᠪᠠᠶᠢᠨ᠎ᠠ᠃       ᠬᠤᠶᠠᠷ᠂ ᠭᠤᠣᠯ ᠠᠭᠤᠯᠭ᠎ᠠ       ᠲᠣᠰ ᠠᠷᠭ᠎ᠠ ᠨᠢ ᠨᠡᠶᠢᠲᠡ 5 ᠬᠡᠰᠡᠭ ᠢᠶᠠᠷ ᠪᠦᠷᠢᠯᠳᠦᠵᠡᠶ᠃       ᠨᠢᠭᠡᠳᠦᠭᠡᠷ ᠬᠡᠰᠡᠭ ᠶᠡᠷᠦᠩᠬᠡᠶ ᠬᠡᠯᠲᠡᠰ ᠤᠨ ᠠᠵᠤ ᠠᠬᠤᠶᠢᠯᠠᠯ ᠢ ᠲᠦᠷᠦᠯ ᠠᠩᠭᠢᠯᠠᠯ᠃ ᠲᠣᠰ ᠠᠷᠭ᠎ᠠ ᠳᠤ ᠬᠡᠯᠡᠵᠦ ᠪᠠᠶᠢᠭ᠎ᠠ ᠶᠡᠷᠦᠩᠬᠡᠶ ᠬᠡᠯᠲᠡᠰ ᠤᠨ ᠠᠵᠤ ᠠᠬᠤᠶᠢᠯᠠᠯ ᠭᠡᠳᠡᠭ ᠨᠢ ᠲᠣᠰ ᠬᠤᠲᠠ ᠳᠤ ᠳᠠᠩᠰᠠᠯᠠᠭᠤᠯᠬᠤ ᠶᠢᠨ ᠬᠠᠮᠲᠤ ᠬᠠᠤᠯᠢ ᠶᠣᠰᠣᠭᠠᠷ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠪᠤᠶᠤ ᠰᠠᠯᠪᠤᠷᠢ ᠪᠠᠶᠢᠭᠤᠯᠤᠮᠵᠢ ᠳᠤ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠠᠶᠢᠭᠤᠯᠤᠮᠵᠢ ᠶᠢ ᠵᠢᠭᠠᠵᠤ ᠪᠣᠶ᠂ ᠶᠡᠷᠦᠩᠬᠡᠶᠢᠯᠡᠭᠰᠡᠨ ᠬᠡᠯᠪᠡᠷᠢ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠪᠠ ᠴᠢᠳᠠᠮᠵᠢ ᠶᠢᠨ ᠬᠡᠯᠪᠡᠷᠢ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠭᠡᠵᠦ ᠬᠤᠪᠢᠶᠠᠨ᠎ᠠ᠂ ᠪᠣᠳᠠᠲᠠᠶ  ᠦᠨᠡᠯᠡᠨ ᠲᠤᠭᠲᠠᠭᠠᠬᠤ ᠪᠠᠷᠢᠮᠵᠢᠶ᠎ᠠ ᠶᠢ ︽ᠬᠥᠬᠡᠬᠤᠲᠠ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ ᠦᠨᠡᠯᠡᠯᠲᠡ ᠪᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠳᠤ ᠦᠵᠡ᠃       ᠬᠤᠶᠠᠳᠤᠭᠠᠷ ᠬᠡᠰᠡᠭ ᠲᠡᠳᠬᠦᠨ ᠱᠠᠩᠨᠠᠬᠤ ᠪᠠᠷᠢᠮᠵᠢᠶ᠎ᠠ᠃ ᠨᠢᠭᠡ ᠳᠤ᠂ ᠮᠠᠨ ᠤ ᠬᠤᠲᠠ ᠳᠤ ᠰᠢᠨ᠎ᠡ ᠪᠠᠷ ᠳᠠᠩᠰᠠᠯᠠᠭᠤᠯᠤᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠳᠤ ᠶᠡᠷᠦᠩᠬᠡᠶ ᠲᠤᠭ᠎ᠠ ᠨᠢ 500 ᠲᠦᠮᠡᠨ ᠲᠥᠭᠦᠷᠢᠭ ᠠᠴᠠ ᠬᠡᠲᠦᠷᠡᠬᠦ ᠥᠬᠡᠶ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠪᠤᠶᠤ ᠶᠡᠷᠦᠩᠬᠡᠶ ᠨᠥᠬᠦᠪᠥᠷᠢ ᠶᠢᠨ ᠲᠠᠯᠠᠪᠠᠶ ᠨᠢ 1000m²  ᠠᠴᠠ ᠬᠡᠲᠦᠷᠡᠬᠦ ᠥᠬᠡᠶ ᠬᠡᠷ ᠪᠠᠶᠢᠰᠢᠩ ᠲᠦᠷᠢᠶᠡᠰᠦᠯᠡᠬᠦ ᠨᠥᠬᠦᠪᠥᠷᠢ ᠣᠯᠭᠤᠨ᠎ᠠ᠃ ᠡᠵᠡᠩᠨᠡᠯᠲᠡ ᠶᠢᠨ ᠱᠠᠩᠨᠠᠯ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ ᠢ ᠮᠠᠨ ᠤ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠵᠢᠨ‌‍ᠪᠣᠳᠤᠯᠭ᠎ᠠ  ᠪᠠᠷ ᠨᠠᠪᠯᠠᠯᠲᠠ ᠪᠣᠯᠭᠠᠵᠤ ᠬᠡᠷᠡᠭᠵᠢᠬᠦᠯᠦᠨ᠎ᠡ᠃ ᠬᠤᠶᠠᠷ ᠲᠤ ᠮᠠᠨ ᠤ ᠬᠤᠲᠠ ᠶᠢᠨ ᠮᠠᠭᠠᠳᠯᠠᠨ ᠲᠣᠭᠲᠠᠭᠠᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ ᠠᠩᠬ᠎ᠠ ᠤᠳᠠᠭ᠎ᠠ 500 ᠳ᠋ᠦᠩᠰᠢᠭᠤᠷ ᠲᠥᠭᠦᠷᠢᠭ᠂ 100 ᠳ᠋ᠦᠩᠰᠢᠭᠤᠷ ᠲᠥᠭᠦᠷᠢᠭ᠂ 50 ᠳ᠋ᠦᠩᠰᠢᠭᠤᠷ ᠲᠥᠭᠦᠷᠢᠭ᠂ 30 ᠳ᠋ᠦᠩᠰᠢᠭᠤᠷ ᠲᠥᠭᠦᠷᠢᠭ ᠢ ᠳᠠᠪᠠᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠲᠣᠰ ᠲᠣᠰ 1000 ᠲᠦᠮᠡᠨ ᠲᠥᠭᠦᠷᠢᠭ᠂ 500 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠮᠠᠨ ᠤ ᠬᠤᠲᠠ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠳ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠭᠠᠭᠴᠠ ᠲᠥᠷᠥᠯ ᠤᠨ ᠮᠠᠩᠯᠠᠶ ᠠᠵᠤ ᠠᠬᠤᠶᠢᠯᠠᠯ᠂ ︽ᠲᠤᠰᠬᠠᠢ ᠮᠡᠷᠭᠡᠵᠢᠯ ᠤᠨ ᠨᠠᠷᠢᠯᠢᠭᠵᠢᠭᠰᠠᠨ ᠣᠨᠴᠠᠯᠢᠭᠲᠤ ᠰᠢᠨ᠎ᠡ ︾ ᠪᠢᠴᠢᠬᠠᠨ ᠠᠪᠤᠷᠭᠤ ᠬᠦᠮᠦᠨ ᠠᠵᠤ ᠠᠬᠤᠶᠢᠯᠠᠯ ᠤᠨ ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠭᠥᠷᠳᠡᠭᠰᠡᠨ ᠪᠠᠶᠢᠪᠠᠯ᠂ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠶᠠᠰᠤ ᠴᠢᠨᠠᠷ ᠤᠨ  ᠦᠯᠢᠭᠡᠷ ᠵᠢᠱᠢᠶ᠎ᠡ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠢᠷᠠᠭᠤ ᠠᠯᠳᠠᠷ ᠤᠨ ᠴᠣᠯᠠ ᠶᠢ ᠰᠢᠨ᠎ᠡ ᠪᠠᠷ  ‍ᠦ᠋ᠷᠲᠡᠭᠰᠡᠨ‌‍ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠵᠣᠬᠢᠬᠤ ᠢᠷᠠᠭᠤ ᠠᠯᠳᠠᠷ ᠤᠨ ᠴᠣᠯᠠ ᠶᠢ ᠰᠢᠨ᠎ᠡ ᠪᠠᠷ  ᠬᠦᠷᠲᠡᠭᠰᠡᠨ ᠪᠠᠶᠢᠪᠠᠯ᠂ ᠲᠣᠰ ᠲᠣᠰ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠭᠤᠷᠪᠠ ᠳᠤ ᠶᠡᠷᠦᠩᠬᠡᠶ ᠬᠡᠯᠲᠡᠰ ᠤᠨ ᠠᠵᠤ ᠠᠬᠤᠶᠢᠯᠠᠯ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠵᠠᠩᠭᠢᠯᠠᠭ᠎ᠠ ᠶᠢᠨ ᠢᠵᠢ ᠪᠥᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠪᠣᠯ᠂ ᠣᠷᠣᠭᠤᠯᠤᠨ ᠠᠪᠴᠢᠷᠠᠭᠰᠠᠨ ᠲᠥᠷᠥᠯ  ᠵᠦᠢᠯ  ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠦᠨᠳᠦᠰᠦᠯᠡᠨ ᠱᠠᠩᠨᠠᠯ ᠣᠯᠭᠤᠵᠤ᠂ 5000 ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ︵ᠪᠠᠭᠲᠠᠨ᠎ᠠ︶ ᠪᠠᠯᠠ ᠣᠷᠣᠭᠤᠯᠤᠭᠰᠠᠨ ᠪᠠᠶᠢᠪᠠᠯ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃       ᠭᠤᠷᠪᠠᠳᠤᠭᠠᠷ ᠬᠡᠰᠡᠭ ᠬᠢᠨᠠᠯᠲᠠ ᠬᠠᠮᠢᠶᠠᠷᠤᠯᠲᠠ᠃ ᠮᠠᠨ ᠤ ᠬᠤᠲᠠ ᠳᠤ ᠮᠠᠭᠠᠳᠯᠠᠨ ᠲᠣᠭᠲᠠᠭᠠᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠢ ᠬᠢᠨᠠᠨ ᠬᠠᠮᠢᠶᠠᠷᠴᠤ᠂ ᠲᠣᠭᠲᠠᠭᠠᠯ ᠢ ᠵᠥᠷᠢᠴᠡᠨ ᠶᠡᠷᠦᠩᠬᠡᠶ ᠬᠡᠯᠲᠡᠰ ᠤᠨ ᠱᠠᠩᠨᠠᠯ ᠤᠨ ᠮᠥᠩᠭᠦ ᠣᠯᠤᠭᠰᠠᠨ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃       ᠳᠥᠷᠪᠡᠳᠦᠭᠡᠷ ᠬᠡᠰᠡᠭ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ᠃ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠤᠭᠲᠠᠭᠠᠨ᠎ᠠ᠂ ᠨᠠᠷᠢᠨ ᠠᠯᠬᠤᠮ ᠳᠠᠷᠠᠭ᠎ᠠ ᠶᠢ ︽ᠬᠡᠷᠡᠭᠵᠢᠭᠦᠯᠬᠦ ᠨᠠᠷᠢᠨ ᠲᠦᠷᠢᠮ︾ ᠳᠤ ᠦᠵᠡ᠃       ᠲᠠᠪᠤᠳᠤᠭᠠᠷ ᠬᠡᠰᠡᠭ ᠪᠤᠰᠤᠳ ᠵᠦᠢᠯ᠃ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃                     ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠣᠷᠣᠨ ᠪᠦᠰᠡ ᠶᠢᠨ                     ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ