ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ | ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠶᠢᠨ ᠲᠦᠯᠦᠭᠡ᠂ | ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠬᠤᠲᠠ ︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 | — 2023 ᠣᠨ︶︾ ᠢ ᠲᠣᠭᠲᠠᠭᠠᠪᠠ᠃ ᠲᠠᠷᠢᠶᠠᠯᠠᠩ ᠮᠠᠯ ᠠᠵᠤ ᠠᠬᠤᠶ ᠶᠢᠨ ᠠᠵᠢᠯᠲᠠᠳ᠂ ᠲᠦᠷᠦᠯ ᠲᠡᠮᠳᠡᠭᠲᠦ ᠶᠢ ᠳᠡᠯᠭᠡᠷᠡᠭᠦᠯᠦᠭᠴᠢ ᠪᠠ | ᠬᠡᠷᠡᠭᠯᠡᠭᠴᠢ ᠶᠢᠨ ︽ᠠᠵᠢᠯᠯᠠᠭᠠᠨ ᠤ ᠲᠥᠰᠦᠯ︾ ᠢ ᠨᠠᠩ ᠪᠤᠰᠤᠳᠴᠢ ᠪᠠᠷ᠂ ᠭᠦᠨᠵᠡᠭᠡᠶ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ | ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠲᠠᠨᠢᠯᠴᠠᠭᠤᠯᠤᠶ᠎ᠠ᠄ | ᠨᠢᠭᠡ᠂ ᠣᠷᠣᠨ ᠲᠤᠭ᠎ᠠ ᠶᠢᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ | ᠨᠢᠭᠡ ᠳᠤ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠃ | ᠥᠪᠡᠷᠲᠡᠭᠡᠨ ᠵᠠᠰᠠᠬᠤ ᠣᠷᠣᠨ ᠤ ︽ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ︵ᠥᠪᠥᠷ ᠵᠠᠰᠠᠭ | ᠠᠯᠪᠠᠨ ᠲᠠᠷᠬᠠᠭᠠᠭᠰᠠᠨ ﹇ 2021﹈ 9 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | ᠬᠡᠷᠡᠭᠵᠢᠭᠦᠯᠬᠦ ᠲᠥᠰᠦᠯ ᠲᠣᠭᠲᠠᠭᠠᠵᠤ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠤᠨ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠦᠨᠡᠨᠬᠦ ᠠᠬᠢᠭᠤᠯᠤᠨ᠎ᠠ᠃ | ᠬᠤᠶᠠᠷ ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠵᠦ᠂ ᠣᠲᠣ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭᠲᠦ ᠶᠢᠨ ᠥᠷᠲᠡᠭ ᠤᠨ ᠰᠢᠰᠲ᠋ᠧᠮᠵᠢ ᠶᠢ | ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠳᠣᠤᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ ᠤᠨ | ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ ᠠᠬᠢᠭᠤᠯᠵᠤ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠭᠡᠮᠨᠡᠷᠡᠯ ᠤᠨ ᠬᠦᠭᠵᠢᠯᠲᠡ ᠶᠢ ᠠᠬᠢᠭᠤᠯᠤᠨ᠎ᠠ᠃ | ᠭᠤᠷᠪᠠ ᠳᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠰᠠ ᠨᠢᠭᠡᠨ ᠴᠢᠬᠤᠯᠠ ᠠᠷᠭ᠎ᠠ ᠵᠠᠮ ᠪᠣᠯᠤᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠠᠵᠤ ᠠᠬᠤᠶ ᠶᠢ ᠳᠠᠶᠢᠴᠢᠯᠠᠬᠤ᠂ ᠨᠥᠯᠥᠭᠡᠯᠡᠬᠦ ᠬᠡᠪᠴᠢᠶ᠎ᠡ ᠨᠢ ᠶᠡᠭᠡ ᠪᠠᠶᠢᠵᠤ᠂ ᠮᠥᠨ ᠴᠦ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠶᠢᠨ ᠴᠢᠬᠤᠯᠠ ᠠᠷᠭ᠎ᠠ ᠵᠠᠮ ᠪᠣᠯᠤᠨ᠎ᠠ᠃ ︽ ᠠᠵᠢᠯᠯᠠᠭᠠᠨ ᠤ ᠲᠥᠰᠦᠯ︾ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠬᠤᠲᠠ ᠶᠢᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠥᠭᠵᠢᠯᠲᠡ ᠶᠢᠨ | ᠲᠡᠷᠢᠭᠦᠨ ᠲᠣᠬᠢᠶᠠᠯ ᠢ ᠵᠠᠪᠳᠤᠨ ᠡᠵᠡᠯᠡᠬᠦ ᠳᠤ ᠠᠰᠢᠭᠲᠠᠶ ᠪᠠᠶᠢᠵᠤ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠯᠠᠵᠤ᠂ ᠲᠠᠷᠢᠶᠠᠴᠢᠳ ᠤᠨ ᠥᠷᠭᠦᠯᠵᠢᠯᠡᠨ | ᠣᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠎ᠠ᠃ | ᠬᠤᠶᠠᠷ᠂ ᠭᠤᠣᠯ ᠠᠭᠤᠯᠭ᠎ᠠ | ︽ᠠᠵᠢᠯᠯᠠᠭᠠᠨ ᠤ ᠲᠥᠰᠦᠯ︾ ᠢ ᠳᠥᠷᠪᠡᠨ ᠬᠡᠰᠡᠭ ᠲᠤ ᠬᠤᠪᠢᠶᠠᠪᠠ᠄ | ᠨᠢᠭᠡᠳᠦᠭᠡᠷ ᠬᠡᠰᠡᠭ᠂ ᠠᠵᠢᠯ ᠤᠨ ᠬᠠᠷᠠᠯᠲᠠ ᠪᠠᠨ ᠳᠤᠳᠤᠷᠬᠠᠶᠢᠯᠠᠪᠠ | ᠬᠤᠲᠠ ᠶᠢᠨ ᠨᠡᠷ᠎ᠡ ᠶᠢᠨ ᠬᠠᠭᠤᠳᠠᠰᠤ ᠶᠢ ᠵᠣᠬᠢᠶᠠᠬᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ︽ᠴᠡᠯᠡᠭᠡᠷ ᠲᠠᠯ᠎ᠠ ᠶᠢᠨ | ᠦᠨᠦᠷ ᠠᠮᠲᠠ︾ ︽ᠲᠠᠪᠤᠨ ᠦᠩᠭᠡ ᠶᠢᠨ ᠲᠦᠮᠡᠳ︾ ︽ᠦᠴᠤᠸᠠᠨ ᠤ ᠦᠨᠦᠷ ᠠᠮᠲᠠ︾ ︽ᠶᠣᠣ ᠱᠠᠩ ᠲᠢᠶᠠᠨ︾ ︽ᠵᠢᠷᠭᠠᠯᠠᠩᠲᠤ ᠢᠦᠶ ᠴᠢᠤᠸᠠᠨ︾ ︽ | ᠱᠧᠩ ᠯᠧ ᠤᠨ ᠦᠨᠦᠷ ᠠᠮᠳᠠ︾ ᠲᠦᠷᠦᠯ ᠲᠡᠮᠳᠡᠭ ᠶᠢ ᠡᠭᠦᠳᠴᠦ᠂ ᠰᠠᠶᠢᠬᠠᠨ ᠲᠣᠭᠤᠷᠢᠭ ︵ᠬᠦᠳᠡᠭᠡᠯᠢᠭ ᠰᠠᠶᠢᠬᠠᠨ︶᠂ ᠲᠣᠭᠲᠠᠬᠤ ᠰᠢᠶᠠᠨ ︵ | ᠲᠣᠭᠲᠠᠬᠤ ᠶᠢᠨ ᠦᠨᠦᠷ ᠠᠮᠲᠠ︶᠂ ᠰᠢᠨ᠎ᠡ ᠬᠤᠲᠠ ᠲᠣᠭᠤᠷᠢᠭ ︵ᠬᠦᠬᠡᠮᠳᠦᠭ ᠠᠭᠤᠯᠠ ᠷᠠᠰᠢᠶᠠᠨ ᠤᠰᠤ ᠠᠮᠳᠠᠳᠤ ᠰᠠᠶᠢᠬᠠᠨ ᠰᠢᠨ᠎ᠡ ᠬᠤᠲᠠ︶᠂ ᠬᠤᠲᠣᠩ | ᠠᠷᠠᠳ ᠤᠨ ᠲᠣᠭᠤᠷᠢᠭ ︵ ᠦᠵᠡᠰᠭᠦᠯᠡᠩᠲᠦ ᠤᠰᠤᠲᠤ︶ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ | ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠢᠯᠡ ᠲᠣᠳᠣ ᠣᠷᠣᠨ ᠪᠦᠰᠡ ᠶᠢᠨ | ᠣᠨᠴᠠᠯᠢᠭ ᠲᠠᠢ ᠰᠢᠶᠠᠨ ᠤ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠡᠭᠦᠳᠴᠦ᠂ ︽ᠨᠢᠭᠡ ᠰᠢᠶᠠᠨ ᠨᠢᠭᠡ ᠲᠥᠷᠥᠯ ᠲᠡᠮᠳᠡᠭᠲᠦ︾ ᠶᠢᠨ ᠲᠠᠷᠢᠶᠠᠯᠠᠩ | ᠮᠠᠯ ᠠᠵᠤ ᠠᠬᠤᠶ ᠶᠢᠨ ᠲᠥᠷᠥᠯ ᠲᠡᠮᠳᠡᠭᠲᠦ ᠶᠢᠨ ᠪᠠᠶᠢᠷᠢᠰᠢᠯ ᠢ ᠪᠣᠶ ᠪᠣᠯᠭᠠᠨ᠎ᠠ᠃ | 2023 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠡᠯᠢᠶᠡᠳ ᠨᠡᠷ᠎ᠡ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 10 ᠠᠴᠠ ᠳᠡᠭᠡᠭᠰᠢ ︵︽ᠴᠡᠯᠡᠭᠡᠷ ᠲᠠᠯ᠎ᠠ ᠶᠢᠨ ᠦᠨᠦᠷ ᠠᠮᠲᠠ︾ | ᠶᠢᠨ ᠳᠡᠭᠡᠷ᠎ᠡ ᠶᠢᠰᠦᠨ ᠬᠤᠰᠢᠭᠤ ᠰᠢᠶᠠᠨ ᠲᠣᠭᠤᠷᠢᠭ ᠤᠨ ᠨᠠᠷᠠᠲᠤ ᠲᠥᠷᠥᠯ ᠲᠡᠮᠳᠡᠭᠲᠦ ᠶᠢ ᠨᠡᠮᠡᠨ᠎ᠡ︶ ᠶᠢ ᠪᠤᠶᠢᠵᠢᠭᠤᠯᠤᠨ ᠪᠣᠶ ᠪᠣᠯᠭᠠᠵᠤ᠂ ᠤᠯᠤᠰ ᠤᠨ | ᠳᠣᠲᠣᠭᠠᠳᠤ ᠭᠠᠳᠠᠭᠠᠳᠤ ᠳᠤ ᠨᠡᠯᠢᠶᠡᠳ ᠨᠡᠷ᠎ᠡ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 2 ᠠᠴᠠ ᠳᠡᠭᠡᠭᠰᠢ ᠪᠤᠶᠢᠵᠢᠭᠤᠯᠤᠨ᠎ᠠ︔ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠲᠠᠢ ᠱᠤᠱᠢᠭ᠎ᠠ | ᠲᠡᠮᠳᠡᠭ 2020 ᠣᠨ ᠳᠤ 21 ᠪᠠᠶᠢᠭᠰᠠᠨ ᠰᠠᠭᠤᠷᠢᠨ ᠳᠡᠭᠡᠷ᠎ᠡ ᠵᠢᠯ ᠪᠦᠷᠢ ᠠᠬᠢᠨ ᠨᠡᠮᠡᠭᠳᠡᠭᠦᠯᠵᠦ᠂ 2021 ᠣᠨ ᠳᠤ 24 ᠬᠦᠷᠭᠡᠵᠦ᠂ 2022 ᠣᠨ ᠳᠤ | 27 ᠬᠦᠷᠭᠡᠵᠦ᠂ 2023 ᠣᠨ ᠳᠤ 30 ᠬᠦᠷᠭᠡᠨ᠎ᠡ︔ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠤ ᠳᠠᠩᠰᠠᠯᠠᠯᠲᠠ ᠶᠢ 2020 | ᠣᠨ ᠳᠤ 5 ᠪᠠᠶᠢᠭᠰᠠᠨ ᠰᠠᠭᠤᠷᠢᠨ ᠳᠡᠭᠡᠷ᠎ᠡ ᠵᠢᠯ ᠪᠦᠷᠢ ᠠᠬᠢᠨ ᠨᠡᠮᠡᠭᠳᠡᠭᠦᠯᠵᠦ᠂ 2021 ᠣᠨ ᠳᠤ 6 ᠬᠦᠷᠭᠡᠵᠦ᠂ 2022 ᠣᠨ ᠳᠤ 7 ᠬᠦᠷᠭᠡᠵᠦ᠂ | 2023 ᠣᠨ ᠳᠤ 9 ᠬᠦᠷᠭᠡᠨ᠎ᠡ︔ ᠪᠣᠬᠢᠷᠲᠤᠯ ᠥᠬᠡᠶ ᠢᠳᠡᠭᠡᠨ ᠤ ᠠᠵᠤ ᠠᠬᠤᠶᠢᠯᠠᠯ ᠬᠢᠭᠡᠳ ᠦᠢᠯᠡᠳᠬᠦᠨ ᠤ ᠲᠤᠭ᠎ᠠ ᠬᠡᠮᠵᠢᠶ᠎ᠡ ᠶᠢ ᠵᠢᠯ ᠪᠦᠷᠢ | ᠳᠤᠮᠳᠠᠴᠢ ᠪᠠᠷ 6% ᠪᠠᠷ ᠨᠡᠮᠡᠭᠳᠡᠵᠦ᠂ 2021 ᠣᠨ ᠳᠤ 31 ᠠᠬᠤᠶᠢᠯᠠᠯ ᠪᠠ 101 ᠦᠢᠯᠡᠳᠭᠦᠨ ᠪᠣᠯᠭᠠᠵᠤ᠂ 2022 ᠣᠨ ᠳᠤ 33 ᠠᠵᠤ ᠠᠬᠤᠶᠢᠯᠠᠯ | ᠪᠠ 107 ᠦᠢᠯᠡᠳᠬᠦᠨ ᠪᠣᠯᠭᠠᠵᠤ᠂ 2023 ᠣᠨ ᠳᠤ 35 ᠠᠵᠤ ᠠᠬᠤᠶᠢᠯᠠᠯ ᠪᠠ 113 ᠦᠢᠯᠡᠳᠬᠦᠨ ᠪᠣᠯᠭᠠᠨ᠎ᠠ᠃ | ᠬᠤᠶᠠᠳᠤᠭᠠᠷ ᠬᠡᠰᠡᠭ᠂ ᠦᠨᠳᠦᠰᠦᠨ ᠵᠠᠷᠴᠢᠮ ᠢ ᠲᠣᠳᠤᠷᠬᠠᠶᠢᠯᠠᠪᠠ | ︵ᠨᠢᠭᠡ︶ ᠵᠠᠰᠠᠭ ᠤᠨ ᠣᠷᠳᠣᠨ ᠬᠥᠲᠥᠯᠦᠨ ᠵᠢᠯᠣᠭᠤᠳᠤᠨ᠎ᠠ᠃ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ᠂ ᠭᠠᠵᠠᠷ ᠣᠷᠣᠨ ᠤ ᠳᠠᠪᠠᠭᠤᠯᠢᠭ | ᠠᠵᠤ ᠦᠢᠯᠡᠰ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠷᠬᠡ | ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ | ᠪᠣᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠤᠨ᠎ᠠ᠃ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠬᠢ ᠪᠠᠶᠠᠯᠢᠭ ᠢ | ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠥᠷᠥᠯ ᠲᠡᠮᠳᠡᠭᠲᠦ ᠶᠢ | ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠡᠨ ᠤ | ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠪᠣᠷᠣᠯᠠᠭᠤᠯᠭ᠎ᠠ ᠰᠠᠶᠢᠲᠠᠶ ᠴᠢᠨᠠᠷ ᠰᠠᠶᠢᠲᠠᠶ ᠦᠢᠯᠡᠳᠬᠦᠨ ᠢ ᠦᠢᠯᠡᠳᠪᠦᠷᠢᠯᠡᠵᠦ | ᠂ ᠬᠡᠷᠡᠭᠯᠡᠭᠴᠢ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠭᠤᠷᠪᠠ︶ ᠠᠵᠤ ᠠᠬᠤᠶᠢᠯᠠᠯ ᠤᠨ ᠭᠤᠤᠯ ᠴᠣᠭᠴᠠ᠃ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ | ᠴᠣᠭᠴᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠬᠡᠷᠡᠭᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ ᠬᠡᠷᠡᠭᠯᠡᠬᠦ ᠵᠠᠬ᠎ᠠ ᠲᠡᠯᠭᠡᠭᠦᠷ ᠤᠨ ᠭᠤᠣᠯ ᠴᠤᠭᠴᠠ ᠶᠢᠨ ᠦᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ | ︵ᠳᠥᠷᠪᠡ︶ ᠬᠠᠮᠵᠢᠯᠴᠠᠨ ᠬᠠᠮᠲᠤᠪᠠᠷ ᠪᠥᠲᠥᠭᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ᠂ ᠰᠠᠯᠠᠭ᠎ᠠ | ᠮᠥᠴᠢᠷ ᠤᠨ ᠬᠠᠮᠵᠢᠯᠴᠠᠬᠤ ᠦᠢᠯᠡᠳᠦᠯ᠂ ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ᠂ ᠨᠡᠶᠢᠭᠡᠮᠯᠢᠭ ᠤᠨ ᠨᠥᠬᠦᠪᠥᠷᠢᠯᠡᠬᠦ ᠦᠢᠯᠡᠳᠦᠯ ᠢ | ᠬᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠲᠤᠪᠠᠷ ᠪᠠᠶᠢᠭᠤᠯᠵᠤ ᠢᠯᠡᠭᠦᠤ ᠠᠰᠢᠭ ᠭᠥᠷᠳᠡᠬᠦ ᠰᠢᠨ᠎ᠡ ᠪᠠᠶᠢᠳᠠᠯ ᠢ ᠪᠣᠶ ᠪᠣᠯᠭᠠᠨ᠎ᠠ᠃ | ᠭᠤᠷᠪᠠᠳᠤᠭᠠᠷ ᠬᠡᠰᠡᠭ᠂ ᠭᠤᠤᠯᠳᠠᠯᠭ᠎ᠠ ᠲᠠᠢ ᠡᠭᠦᠷᠭᠡ ᠶᠢ ᠲᠣᠳᠤᠷᠬᠠᠶᠢᠯᠠᠪᠠ | ︵ᠨᠢᠭᠡ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠳᠦ ᠶᠢᠨ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ᠭᠠᠷᠤᠯᠲᠠ ᠶᠢᠨ ᠣᠷᠣᠨ ᠢ ᠴᠡᠪᠡᠷᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠢ ᠬᠡᠷᠡᠭᠵᠢᠭᠦᠯᠦᠨ᠎ᠡ᠃ | ᠦᠢᠯᠡᠳᠪᠦᠷᠢᠯᠡᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ ᠶᠠᠰᠤ ᠴᠢᠨᠠᠷ ᠢ ᠪᠥᠬᠦ ᠶᠠᠪᠤᠴᠠ ᠳᠤ ᠡᠵᠡᠮᠳᠡᠬᠦ ᠮᠡᠷᠭᠡᠵᠢᠯ ᠤᠨ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠬᠡᠷᠡᠭᠯᠡᠵᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠪᠡᠶᠡᠯᠡᠭᠦᠯᠬᠦ ᠶᠢ | ᠠᠬᠢᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠪᠦᠲᠦᠭᠡᠭᠳᠡᠬᠦᠨ ᠨᠢᠭᠡ ᠪᠠᠷᠢᠮᠵᠢᠶ᠎ᠠ︾ ︽ᠨᠢᠭᠡ ᠪᠦᠲᠦᠭᠡᠭᠳᠡᠬᠦᠨ | ᠨᠢᠭᠡ ᠪᠣᠳᠣᠯᠭ᠎ᠠ︾ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠣᠶ ᠪᠣᠯᠭᠠᠵᠤ᠂ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠪᠠᠷᠢᠮᠵᠢᠶ᠎ᠠ ᠶᠢᠨ ᠰᠠᠭᠤᠷᠢ ᠶᠢ ᠪᠠᠬᠢᠵᠢᠭᠦᠯᠦᠨ᠎ᠡ᠃ | ︵ᠬᠤᠶᠠᠷ︶ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠤᠨ᠎ᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮᠵᠢ ᠪᠠ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠠᠴᠠ ᠬᠤᠭᠤᠯᠠᠨ ᠰᠢᠷᠡᠭᠡᠨ ᠳᠤ ᠬᠦᠷᠲᠡᠯᠡᠬᠢ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ︽ᠲᠣᠤᠷᠵᠢᠭᠰᠠᠨ︾ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠥᠨᠳᠡᠯᠡᠨ ᠢᠶᠠᠷ ᠬᠦᠪᠡᠭᠡ ᠳᠤ ᠨᠢ | ᠬᠦᠷᠬᠦ᠂ ᠭᠤᠯᠳᠤ ᠪᠠᠷ ᠦᠵᠦᠭᠦᠷ ᠲᠤ ᠨᠢ ᠲᠤᠯᠬᠤ ᠬᠢᠨᠠᠨ ᠬᠠᠮᠢᠶᠠᠷᠬᠤ ᠵᠠᠭᠪᠤᠷ ᠢ ᠪᠠᠶᠢᠭᠤᠯᠤᠨ᠎ᠠ᠃ | ︵ᠭᠤᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠮᠠᠯ ᠤᠨ ᠠᠰᠢᠭ | ᠰᠢᠮ᠎ᠡᠲ᠋ᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠨ᠂ ᠬᠤᠯᠪᠤᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠣᠷᠣᠯᠴᠠᠭᠰᠠᠨ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠵᠤ᠂ ᠲᠥᠷᠥᠯ ᠲᠡᠮᠳᠡᠭᠲᠦ ᠶᠢᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ ᠬᠠᠮᠠᠭᠠᠯᠠᠨ᠎ᠠ᠃ | ︵ᠳᠥᠷᠪᠡ︶ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠎ᠠ | ᠲᠥᠷᠥᠯ ᠲᠡᠮᠳᠡᠭᠲᠦ ᠶᠢᠨ ᠥᠯᠢᠭᠡᠷ᠂ ᠲᠥᠷᠥᠯ ᠲᠡᠮᠳᠡᠭᠲᠦ ᠶᠢᠨ ᠳᠠᠮᠵᠢᠭᠤᠯᠭ᠎ᠠ᠂ ᠦᠢᠯᠡᠳᠭᠦᠨ ᠤ ᠶᠠᠰᠤ ᠴᠢᠨᠠᠷ ᠵᠡᠷᠭᠡ ᠭᠤᠤᠯ ᠠᠭᠤᠯᠭ᠎ᠠ ᠶᠢᠨ | ᠲᠣᠭᠤᠷᠢᠨ ᠳᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠤᠬᠠᠭᠤᠯᠭ᠎ᠠ ᠪᠣᠷᠣᠯᠠᠭᠤᠯᠭ᠎ᠠ ᠶᠢᠨ ᠠᠵᠢᠯ ᠢ ᠴᠢᠩᠭᠠᠳᠬᠠᠨ᠎ᠠ᠃ | ᠲᠥᠷᠥᠯ ᠲᠡᠮᠳᠡᠭᠲᠦ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠪᠠ ᠣᠯᠠᠨ ᠨᠡᠶᠢᠲᠡ ᠶᠢᠨ ᠳ᠋ᠤᠭᠠᠷ ᠢ ᠪᠠᠶᠢᠭᠤᠯᠵᠤ᠂ ᠬᠡᠷᠡᠭᠯᠡᠭᠴᠢᠳ ᠲᠤ | ᠲᠥᠷᠥᠯ ᠲᠡᠮᠳᠡᠭᠲᠦ ᠵᠢᠴᠢ ᠲᠡᠭᠦᠨ ᠤ ᠦᠢᠯᠡᠳᠬᠦᠨ ᠢ ᠯᠠᠪᠯᠠᠬᠤ ᠠᠷᠭ᠎ᠠ ᠵᠠᠮ ᠵᠢᠴᠢ ᠬᠤᠯᠪᠤᠭᠳᠠᠯ ᠪᠥᠬᠦᠶ ᠮᠡᠳᠡᠭᠡ ᠵᠠᠩᠭᠢ ᠶᠢ ᠬᠠᠩᠭᠠᠨ᠎ᠠ᠃ ᠲᠦᠷᠦᠯ ᠲᠡᠮᠳᠡᠭᠲᠦ | ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠭᠦᠯᠭᠡ ᠶᠢᠨ ᠴᠤᠭᠯᠠᠭᠠᠨ ᠳᠤ ᠢᠳᠡᠪᠬᠢᠲᠡᠶ | ᠣᠷᠣᠯᠴᠠᠭᠤᠯᠵᠤ᠂ ᠬᠥᠬᠡᠬᠤᠲᠠ ᠶᠢᠨ ᠲᠦᠷᠦᠯ ᠲᠡᠮᠳᠡᠭᠲᠦ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷ᠎ᠡ ᠠᠯᠳᠠᠷᠰᠢᠯ ᠢ | ᠳᠡᠭᠡᠭᠰᠢᠯᠡᠭᠦᠯᠦᠨ᠎ᠡ᠃ ︽ᠲᠥᠷᠥᠯ ᠲᠡᠮᠳᠡᠭᠲᠦ ᠶᠢ ᠤᠬᠠᠭᠤᠯᠬᠤ᠂ ᠲᠥᠷᠥᠯ ᠲᠡᠮᠳᠡᠭᠲᠦ ᠶᠢ ᠳᠡᠮᠵᠢᠬᠦ᠂ ᠲᠥᠷᠥᠯ ᠲᠡᠮᠳᠡᠭᠲᠦ ᠶᠢ ᠬᠥᠭᠵᠢᠭᠦᠯᠬᠦ᠂ ᠲᠥᠷᠥᠯ | ᠲᠡᠮᠳᠡᠭᠲᠦ ᠶᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠲᠠᠪᠤ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠨᠡᠶᠢᠭᠡᠮᠯᠢᠭ ᠠᠴᠠ ᠲᠥᠷᠥᠯ ᠲᠡᠮᠳᠡᠭᠲᠦ ᠶᠢ ᠪᠣᠶᠢᠵᠢᠭᠤᠯᠬᠤ ᠣᠶᠤᠨ ᠤ | ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ | ᠤᠷᠮᠠᠰᠢᠭᠤᠯᠬᠤ ᠠᠵᠢᠯ ᠢᠶᠠᠷ ᠭᠠᠷᠳᠠᠴᠠ ᠪᠣᠯᠭᠠᠵᠤ᠂ ᠨᠢᠭᠡᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠬᠤ᠂ ᠬᠠᠮᠢᠶᠠᠷᠬᠤ᠂ | ᠡᠵᠡᠩᠨᠡᠬᠦ ᠴᠢᠳᠠᠪᠤᠷᠢᠳᠠᠨ ᠤ ᠡᠩᠨᠡᠭᠡ ᠶᠢ ᠪᠤᠶᠢᠵᠢᠭᠤᠯᠤᠨ ᠪᠠᠶᠢᠭᠤᠯᠤᠨ᠎ᠠ ᠃ | ᠲᠦᠷᠪᠡᠳᠦᠭᠡᠷ ᠭᠡᠰᠡᠭ᠂ ᠠᠵᠢᠯᠯᠠᠭᠠᠨ ᠤ ᠲᠦᠰᠦᠯ ᠢ ᠬᠡᠷᠡᠭᠵᠢᠬᠦᠯᠬᠦ ᠣᠨ ᠤ ᠬᠢᠵᠠᠭᠠᠷ ᠢ ᠲᠤᠳᠤᠷᠬᠠᠶᠢᠯᠠᠪᠠ | ︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠢ 2021 ᠣᠨ ᠤ 3 | ᠳ᠋ᠤᠭᠠᠷ ᠰᠠᠷ᠎ᠠ ᠠᠴᠠ ᠡᠬᠢᠯᠡᠨ ᠬᠡᠷᠡᠭᠵᠢᠬᠦᠯᠵᠦ᠂ ᠬᠦᠴᠦᠨ ᠪᠦᠬᠦᠢ ᠬᠤᠭᠤᠴᠠᠭ᠎ᠠ ᠨᠢ 3 ᠵᠢᠯ᠃ ᠬᠦᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃ | | ᠲᠥᠷᠥ ᠶᠢᠨ ᠪᠣᠳᠤᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | | |