︵2021 ᠣᠨ︶ 45 ᠳ᠋ᠤᠭᠠᠷ ᠲᠣᠭᠠᠲᠤ | | ᠰᠢᠨ᠎ᠡ ᠲᠢᠲᠢᠮᠢᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠲᠣᠰ ᠡᠳᠦᠷ ᠠᠴᠠ | ᠡᠬᠢᠯᠡᠨ ᠨᠢᠰᠬᠡᠯ᠂ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ | ᠲᠡᠷᠭᠡ᠂ ᠬᠤᠪᠢ ᠶᠢᠨ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠪᠠᠷ ᠬᠥᠬᠡᠬᠤᠲᠠ ᠳᠤ ᠣᠷᠣᠵᠤ ᠭᠠᠷᠬᠤ ᠪᠣᠢ ᠪᠦᠬᠦᠢ ᠬᠥᠮᠦᠰ ᠲᠤ ᠳᠣᠤᠷᠠᠬᠢ | ᠪᠥᠭᠡᠮ ᠬᠦᠴᠢᠯ ᠤᠨ ᠪᠠᠶᠢᠴᠠᠭᠠᠯᠲᠠ ᠪᠠ ᠪᠠᠶᠢᠴᠠᠭᠠᠨ ᠰᠢᠯᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠲᠣᠭᠲᠠᠪᠠ᠃ | ᠨᠢᠭᠡ᠂ ᠨᠢᠰᠬᠡᠯ᠂ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠵᠡᠷᠭᠡ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ | ᠰᠠᠭᠤᠵᠤ ᠬᠥᠬᠡᠬᠤᠲᠠ ᠳᠤ ᠢᠷᠡᠬᠦ ︵ᠪᠤᠴᠠᠬᠤ︶ ᠪᠣᠶ ᠪᠥᠬᠦᠶ ᠬᠥᠮᠦᠰ ︽ᠬᠥᠬᠡᠬᠤᠲᠠ ᠶᠢᠨ ᠴᠠᠭᠳᠠᠭᠠᠨ ᠤ ᠺᠣᠳ᠋︾ ᠢᠶᠠᠨ ᠰᠢᠯᠭᠠᠭᠤᠯᠬᠤ ᠶᠢᠨ ᠬᠠᠮᠲᠤ 48 | ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠬᠡᠷᠡᠭᠲᠡᠶ᠃ | ᠬᠤᠶᠠᠷ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ᠂ ᠬᠤᠪᠢ ᠶᠢᠨ ᠮᠠᠰᠢᠨ ᠲᠡᠷᠭᠡ ᠪᠠᠷ ᠬᠥᠬᠡᠬᠤᠲᠠ ᠳᠤ ᠢᠷᠡᠬᠦ ︵ | ᠪᠤᠴᠠᠬᠤ︶ ᠪᠣᠶ ᠪᠥᠬᠦᠶ ᠬᠥᠮᠦᠰ ︽ᠬᠥᠬᠡᠬᠤᠲᠠ ᠶᠢᠨ ᠴᠠᠭᠳᠠᠭᠠᠨ ᠤ ᠺᠣᠳ᠋︾ ᠢ ᠰᠢᠯᠭᠠᠭᠤᠯᠬᠤ ᠶᠢᠨ ᠬᠠᠮᠲᠤ ᠪᠡᠶ᠎ᠡ ᠶᠢᠨ ᠳᠤᠯᠠᠭᠠᠨ ᠢᠶᠠᠨ ᠬᠡᠮᠵᠢᠬᠦ ᠬᠡᠷᠡᠭᠲᠡᠶ᠃ | ᠭᠤᠷᠪᠠ᠂ ᠬᠥᠬᠡᠬᠤᠲᠠ ᠳᠤ ᠪᠠᠶᠢᠭ᠎ᠠ ᠬᠥᠮᠦᠰ ᠴᠢᠬᠤᠯᠠ ᠦᠭᠡᠢ ᠪᠣᠯ ᠬᠦᠬᠡᠬᠤᠲᠠ ᠠᠴᠠ ᠭᠠᠷᠬᠤ ᠦᠭᠡᠢ ᠪᠠᠶᠢᠬᠤ ᠶᠣᠰᠤᠳᠠᠢ᠃ ᠦᠨᠡᠨᠬᠦ | ᠬᠥᠬᠡᠬᠤᠲᠠ ᠠᠴᠠ ᠭᠠᠷᠬᠤ ᠴᠢᠬᠤᠯᠠᠳᠠᠢ ᠬᠥᠮᠦᠰ ᠨᠢᠰᠬᠡᠯ᠂ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠲᠦᠷᠢᠶᠡᠰᠦᠨ | ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡ᠂ ᠬᠤᠪᠢ ᠶᠢᠨ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠤ᠂ ︽ | ᠬᠦᠬᠡᠬᠤᠲᠠ ᠶᠢᠨ ᠴᠠᠭᠳᠠᠭᠠᠨ ᠤ ᠺᠣᠳ᠋︾ ᠢ ᠰᠢᠯᠭᠠᠭᠤᠯᠬᠤ ᠬᠡᠷᠡᠭᠲᠡᠶ ᠪᠥᠭᠡᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠬᠠᠩᠭᠠᠬᠤ ᠬᠡᠷᠡᠭᠲᠡᠶ᠃ | ᠳᠥᠷᠪᠡ᠂ ᠪᠡᠭᠡᠵᠢᠩ ᠳᠤ ᠣᠷᠣᠬᠤ ᠬᠥᠮᠦᠰ ᠤᠨ ᠬᠠᠮᠢᠶᠠᠷᠤᠨ ᠡᠵᠡᠮᠳᠡᠬᠦ ᠵᠡᠷᠭᠡ ᠳᠡᠰ ᠢ ᠳᠡᠭᠡᠭᠰᠢᠯᠡᠭᠦᠯᠦᠨ᠎ᠡ᠃ ᠪᠡᠭᠡᠵᠢᠩ ᠳᠤ ᠣᠷᠣᠬᠤ ᠴᠢᠬᠤᠯᠠᠲᠠᠶ | ᠬᠥᠮᠦᠰ ︽ᠪᠡᠭᠡᠵᠢᠩ ᠤᠨ ᠡᠷᠡᠭᠦᠯ ᠮᠡᠨᠳᠦ ᠶᠢᠨ ᠡᠷᠳᠡᠨᠢ︾ ᠶᠢ ᠰᠢᠯᠭᠠᠭᠤᠯᠬᠤ ᠶᠢᠨ ᠬᠠᠮᠲᠤ ᠪᠡᠶ᠎ᠡ ᠶᠢᠨ ᠳᠤᠯᠠᠭᠠᠨ ᠢᠶᠠᠨ ᠬᠡᠮᠵᠢᠬᠦ ᠬᠡᠷᠡᠭᠲᠡᠢ᠂ ᠡᠭᠦᠨ ᠤ ᠬᠠᠮᠲᠤ | 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠬᠡᠷᠡᠭᠲᠡᠶ᠃ ᠡᠯ᠎ᠡ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠭᠡᠵᠢᠩ ᠳᠤ ᠣᠷᠤᠬᠤ ᠬᠦᠮᠦᠰ ᠪᠠᠰᠠ ᠪᠠᠶᠢᠭ᠎ᠠ ᠨᠢᠭᠡᠴᠡ ᠶᠢᠨ ᠢᠶᠠᠨ ᠭᠡᠷᠡᠴᠢᠯᠡᠬᠦ ᠪᠢᠴᠢᠭ ᠮᠠᠲ᠋ᠧᠷᠢᠶᠠᠯ ᠢ | ᠬᠠᠩᠭᠠᠬᠤ ᠬᠡᠷᠡᠭᠲᠡᠶ᠃ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ᠲᠣᠭᠤᠷᠢᠭ ᠵᠢᠴᠢ 14 ᠤ ᠡᠳᠦᠷ ᠤᠨ | ᠳᠣᠲᠣᠷ᠎ᠠ ᠲᠣᠰ ᠭᠠᠵᠠᠷ ᠣᠷᠣᠨ ᠳᠤ ᠵᠢᠭᠤᠯᠴᠢᠯᠠᠵᠤ ᠰᠠᠭᠤᠭᠰᠠᠨ ᠲᠡᠤᠬᠡ ᠲᠠᠢ ᠬᠥᠮᠦᠰ ᠤᠨ ᠪᠡᠭᠡᠵᠢᠩ ᠳᠤ ᠣᠷᠣᠬᠤ ᠶᠢ ᠴᠢᠩᠭ᠎ᠠ ᠬᠢᠵᠠᠭᠠᠷᠯᠠᠨ᠎ᠠ᠃ | ᠲᠠᠪᠤ᠂ ᠪᠡᠭᠡᠵᠢᠩ ᠳᠤ ᠣᠷᠣᠬᠤ ᠵᠠᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠪᠠ ᠵᠠᠰᠠᠮᠠᠯ | ᠵᠠᠮ ᠤᠨ ᠪᠠᠶᠢᠴᠠᠭᠠᠯᠲᠠ ᠶᠢᠨ ᠥᠷᠲᠡᠭᠡ ᠴᠢᠩᠭ᠎ᠠ ᠪᠠᠶᠢᠴᠠᠭᠠᠨ ᠰᠢᠯᠭᠠᠨ᠎ᠠ᠃ | | | ᠬᠥᠬᠡᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | | | 2021 ᠣᠨ ᠤ 10 ᠳ᠋ᠤᠭᠠᠷ ᠰᠠᠷ᠎ᠠ ᠶᠢᠨ 23 ᠤ ᠡᠳᠦᠷ | | | | ᠣᠣᠯ ᠮᠡᠳᠡᠭᠡ ᠶᠢ ᠠᠳᠡ ᠲᠣᠪᠴᠢᠳᠠᠵᠤ ᠦᠵᠡᠭᠡᠷᠡᠢ | http://www.huhhot.gov.cn/ztzl/yqfk/fkdt/202110/t20211023_1039627.html |