ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠬᠦᠢᠴᠡᠳᠭᠡᠬᠦ  ᠵᠠᠷᠯᠠᠯ
ᠨᠡᠶᠢᠲᠡᠯᠡᠭᠰᠡᠨ ᠴᠠᠭ᠄
2021/10/5
      ᠬᠤᠳᠠᠯᠳᠤᠭ᠎ᠠ ᠡᠷᠭᠢᠯᠡᠬᠦ ᠣᠷᠴᠢᠨ  ᠨᠦᠬᠦᠴᠡᠯ ᠢ  ᠤᠯᠠᠮ ᠨᠢᠭᠡ ᠠᠯᠬᠤᠮ  ᠰᠢᠯᠢᠳᠡᠭᠵᠢᠬᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡ ᠶᠢᠨ  ᠠᠷᠠᠳ ᠲᠤ ᠲᠥᠬᠦᠮ ᠦᠵᠡᠭᠦᠯᠬᠦ ᠶᠢ ᠭᠦᠨᠵᠡᠭᠡᠶ ᠠᠬᠢᠭᠤᠯᠵᠤ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠦᠢᠯᠡᠴᠢᠯᠡᠭᠡᠨ ᠤ ᠬᠢᠷᠢ ᠲᠥᠪᠰᠢᠨ ᠢ ᠲᠡᠭᠡᠭᠰᠢᠯᠡᠭᠦᠯᠬᠦ ᠶᠢᠨ ᠲᠦᠯᠦᠭᠡ᠂ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ  ᠭᠦᠢᠴᠡᠳᠭᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ ︹ 2020 ︺ 28 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠡᠰᠡᠭ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ  ᠭᠦᠢᠴᠡᠳᠬᠡᠨ᠎ᠡ᠂ ᠡᠳᠦᠭᠡ  ᠬᠠᠮᠢᠶ᠎ᠠ ᠪᠥᠬᠦᠶ  ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄      01      ᠲᠤᠬᠠᠶᠢᠯᠠᠭᠰᠠᠨ ᠠᠵᠢᠯ ᠤᠨ ᠬᠡᠪᠴᠢᠶ᠎ᠡ       ︽ᠡᠷᠬᠡᠲᠦ ᠬᠥᠮᠦᠨ ᠤ ᠮᠡᠳᠡᠭᠡ ᠵᠠᠩᠭᠢ ᠶᠢ ᠬᠤᠪᠢᠷᠠᠭᠤᠯᠬᠤ ︵ᠨᠡᠷ᠎ᠡ᠂ ᠨᠡᠷᠡᠶᠢᠳᠦᠯ᠂ ᠦᠨᠡᠮᠯᠡᠯ ᠤᠨ ᠨᠣᠮᠧᠷ ᠢ ᠬᠤᠪᠢᠷᠠᠭᠤᠯᠬᠤ︶︾ ︽ᠡᠷ᠎ᠡ ᠡᠮ᠎ᠡ ᠬᠤᠶᠠᠭᠤᠯᠠ ᠶᠢᠨ ᠨᠡᠷ᠎ᠡ ᠶᠢ ᠰᠣᠯᠢᠬᠤ︾ ︽ᠦᠨᠡᠮᠯᠡᠯ ᠰᠣᠯᠢᠬᠤ ᠳᠡᠩᠰᠡᠯᠡᠯᠲᠡ︾᠃       02       ᠰᠢᠢᠳᠪᠦᠷᠢᠯᠡᠬᠦ ᠶᠠᠪᠤᠴᠠ       ᠸᠢᠴᠠᠲ ᠤᠨ ᠣᠯᠠᠨ ᠨᠡᠶᠢᠲᠡ ᠶᠢᠨ ᠳ᠋ᠤᠭᠠᠷ ︽ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ︾ ᠢ ᠡᠷᠢᠵᠦ᠂ ᠭᠤᠤᠯ ᠨᠢᠭᠤᠷ ᠤᠨ ᠳᠣᠤᠷ᠎ᠠ ᠲᠠᠯ᠎ᠠ ᠶᠢᠨ ︽ᠠᠵᠢᠯ ᠶᠠᠪᠤᠳᠠᠯ ᠭᠦᠢᠴᠡᠳᠭᠡᠬᠦ ᠲᠢᠩᠬᠢᠮ︾ ᠢ ᠲᠣᠪᠴᠢᠳᠠᠨ᠂ ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ︾ ᠳᠤ ᠣᠷᠣᠵᠤ᠂  ᠮᠢᠨᠦ︾ ᠨᠢᠭᠤᠷ ᠲᠤ ᠣᠷᠤᠭᠠᠳ ᠬᠡᠷᠡᠭᠯᠡᠭᠴᠢ ᠶᠢᠨ ᠳᠡᠩᠰᠡᠯᠡᠯᠲᠡ ᠬᠢᠬᠦ ᠪᠤᠶᠤ ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠣᠷᠤᠨ᠎ᠠ᠃       ᠳᠠᠩᠰᠠᠯᠠᠭᠤᠯᠤᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ︾ ᠳᠤ ᠣᠷᠣᠵᠤ ᠦᠨᠡᠨ ᠨᠡᠷ᠎ᠡ ᠪᠠᠷ ᠢᠶᠠᠨ ᠭᠡᠷᠡᠴᠢᠯᠡᠯ ᠬᠢᠨ᠎ᠡ᠂ ᠭᠡᠷᠡᠴᠢᠯᠡᠯ ᠪᠠᠲᠤᠯᠠᠭᠳᠠᠭᠰᠠᠨ ᠤ ᠳᠠᠷᠠᠭ᠎ᠠ᠂ ︽ᠲᠦᠷᠦᠭᠦᠤ ᠨᠢᠭᠤᠷ︾ ᠤᠨ ᠮᠡᠳᠡᠭᠡ ᠵᠠᠩᠭᠢ ᠶᠢ ᠯᠠᠪᠯᠠᠬᠤ ᠨᠢᠭᠤᠷ ᠲᠠᠯ᠎ᠠ ᠶᠢ ᠲᠣᠪᠴᠢᠳᠠᠨ᠎ᠠ᠃ ᠭᠤᠶᠤᠴᠢᠯᠠᠭᠴᠢ ᠶᠢᠨ ᠬᠡᠷᠡᠭᠴᠡᠭᠡ ᠶᠢ ᠦᠨᠳᠦᠰᠦᠯᠡᠨ ᠬᠠᠷᠠᠭᠠᠯᠵᠠᠭᠰᠠᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠲᠣᠪᠴᠢᠳᠠᠪᠠᠯ ᠳᠠᠷᠤᠶ ᠭᠦᠢᠴᠡᠳᠭᠡᠵᠦ ᠪᠣᠯᠤᠨ᠎ᠠ᠃      03       ᠲᠤᠬᠠᠶᠢᠯᠠᠭᠰᠠᠨ ᠠᠵᠢᠯ ᠤᠨ ᠴᠤᠪᠤᠷᠠᠯ      ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ‌‍ᠲ᠋ᠡᠭᠡᠷ᠎ᠡ ᠠᠵᠢᠯ  ᠶᠠᠪᠤᠳᠠᠯ ᠬᠦᠢᠴᠡᠳᠭᠡᠬᠦ ᠲᠢᠩᠬᠢᠮ︾ ᠢᠶᠠᠷ ᠳᠠᠮᠵᠢᠭᠤᠯᠤᠨ ᠬᠦᠢᠴᠡᠳᠭᠡᠬᠦ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠳᠤ ᠴᠠᠭᠠᠰᠤᠨ ᠮᠠᠲ᠋ᠧᠷᠢᠶᠠᠯ ᠲᠤᠰᠢᠶᠠᠬᠤ ᠴᠢᠬᠤᠯᠠ ᠥᠬᠡᠶ᠂ ᠡᠯᠧᠺᠲᠷᠣᠨ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃       ︵ᠨᠢᠭᠡ︶ ᠰᠦᠯᠵᠢᠶᠡᠨ ᠳᠡᠭᠡᠷ᠎ᠡ ᠭᠤᠶᠤᠴᠢᠯᠠᠬᠤ       ᠭᠤᠶᠤᠴᠢᠯᠠᠭᠴᠢ ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ︾ ᠢᠶᠠᠷ ᠭᠤᠶᠤᠴᠢᠯᠠᠬᠤ ᠳᠤ᠂ ᠭᠤᠶᠤᠴᠢᠯᠠᠭᠴᠢ ᠡᠯᠧᠺᠲᠷᠣᠨ ᠬᠡᠪᠯᠡᠯ ᠤᠨ ︽ᠯᠠᠪᠯᠠᠨ ᠠᠰᠠᠭᠤᠭᠰᠠᠨ ᠲᠡᠮᠳᠡᠭᠯᠡᠯ︾ ᠢ  ᠲᠠᠭᠯᠠᠬᠤ ᠶᠢᠨ ᠬᠠᠮᠲᠤ ᠡᠯᠧᠺᠲᠷᠣᠨ ᠭᠠᠷ ᠤᠨ ᠥᠰᠥᠭ ᠵᠢᠷᠤᠬᠤ ᠬᠡᠷᠡᠭᠲᠡᠶ ᠪᠥᠭᠡᠳ ᠡᠯᠧᠺᠲᠷᠣᠨ ᠯᠠᠪᠯᠠᠨ ᠠᠰᠠᠭᠤᠭᠰᠠᠨ ᠸᠢᠳᠢᠣ᠋ ᠶᠢ ᠰᠢᠩᠭᠡᠭᠡᠨ  ᠦᠢᠯᠡᠳᠴᠦ  ᠭᠤᠶᠤᠴᠢᠯᠠᠭᠰᠠᠨ  ᠲᠠᠩᠰᠠᠯᠠᠭᠤᠯᠬᠤ  ᠵᠦᠢᠯᠡᠰ ᠨᠢ ᠦᠨᠡᠨ ᠰᠠᠨᠠᠭᠠᠨ ᠤ ᠢᠯᠡᠳᠬᠡᠯᠲᠡ ᠪᠣᠯᠬᠤ ᠶᠢ ᠢᠯᠡᠳᠬᠡᠵᠦ᠂ ᠬᠠᠩᠭᠠᠭᠰᠠᠨ ᠮᠠᠲ᠋ᠧᠷᠢᠶᠠᠯ ᠪᠣᠯᠤᠨ ᠭᠡᠷᠡᠴᠢ ᠦᠨᠡᠮᠯᠡᠯ ᠨᠢ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠬᠡᠷᠡᠭᠲᠡᠢ᠃ ᠪᠣᠶ ᠪᠥᠬᠦᠶ ᠭᠤᠶᠤᠴᠢᠯᠠᠯ ᠤᠨ ᠮᠠᠲ᠋ᠧᠷᠢᠶᠠᠯ ᠢ ᠴᠥᠮ ᠣᠭ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠭᠤᠶᠤᠴᠢᠯᠠᠭᠴᠢ  ᠳᠠᠭᠢᠵᠤ ᠴᠠᠭᠠᠰᠤᠨ  ᠤ ᠭᠤᠶᠤᠴᠢᠯᠠᠯ ᠤᠨ ᠮᠠᠲ᠋ᠧᠷᠢᠶᠠᠯ ᠢ ᠬᠠᠩᠭᠠᠬᠤ ᠥᠬᠡᠶ᠂ ᠡᠯᠧᠺᠲᠷᠣᠨ ᠮᠠᠲ᠋ᠧᠷᠢᠶᠠᠯ ᠢ ᠦᠨᠳᠦᠰᠦᠯᠡᠨ ᠭᠦᠢᠴᠡᠳᠭᠡᠨ᠎ᠡ᠃       ︵ᠬᠤᠶᠠᠷ︶ ᠭᠥᠯᠢᠶᠡᠨ ᠠᠪᠤᠭᠴᠢ ᠭᠤᠶᠤᠴᠢᠯᠠᠭᠴᠢ ᠶᠢᠨ ᠳᠡᠭᠡᠭᠰᠢ ᠳᠠᠮᠵᠢᠭᠤᠯᠤᠭᠰᠠᠨ ᠡᠯᠧᠺᠲᠷᠣᠨ ᠮᠠᠲ᠋ᠧᠷᠢᠶᠠᠯ ᠢ ᠦᠨᠳᠦᠰᠦᠯᠡᠨ ᠭᠥᠯᠢᠶᠡᠨ ᠠᠪᠴᠤ ᠰᠢᠢᠳᠪᠦᠷᠢᠯᠡᠬᠦ ᠳᠡᠭᠡᠨ᠂ ᠭᠤᠶᠤᠴᠢᠯᠠᠭᠴᠢ ᠶᠢᠨ ᠲᠤᠰᠢᠶᠠᠭᠰᠠᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠂ ᠬᠡᠷᠪᠡ ᠲᠤᠬᠠᠶᠢᠯᠠᠭᠰᠠᠨ ᠠᠵᠢᠯ ᠨᠢ ᠭᠥᠯᠢᠶᠡᠨ ᠠᠪᠴᠤ  ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠥᠬᠡᠶ ᠪᠣᠯ 1 ᠠᠵᠢᠯᠯᠠᠬᠤ ᠡᠳᠦᠷ ᠤᠨ ᠳᠣᠲᠣᠷ᠎ᠠ ᠴᠠᠭ ᠲᠤᠬᠠᠶ ᠳᠤᠨᠢ ᠪᠤᠴᠠᠭᠠᠬᠤ ᠶᠢᠨ ᠬᠠᠮᠲᠤ ᠪᠤᠴᠠᠭᠠᠭᠰᠠᠨ ᠰᠢᠯᠲᠠᠭᠠᠨ ᠢᠶᠠᠨ ᠨᠠᠷᠢᠨ ᠲᠣᠳᠣᠷᠬᠠᠶᠢᠯᠠᠬᠤ ᠬᠡᠷᠡᠭᠲᠡᠶ᠃ ᠲᠤᠬᠠᠶᠢᠯᠠᠭᠰᠠᠨ ᠠᠵᠢᠯ ᠢ ᠭᠥᠯᠢᠶᠡᠨ ᠠᠪᠴᠤ  ᠰᠢᠢᠳᠪᠦᠷᠢᠯᠡᠭᠰᠡᠨ ᠤ ᠳᠠᠷᠠᠭ᠎ᠠ ᠰᠢᠰᠲ᠋ᠧᠮ  ᠠᠴᠠ ᠡᠯᠧᠺᠲᠷᠣᠨ ᠬᠡᠪᠯᠡᠯ ᠤᠨ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠭᠥᠯᠢᠶᠡᠨ ᠠᠪᠴᠤ ᠰᠢᠢᠳᠪᠦᠷᠢᠯᠡᠭᠰᠡᠨ ᠭᠡᠷᠡᠴᠢ ᠪᠠᠷᠢᠮᠲᠠ︾ ᠪᠠ ︽ᠰᠦᠢᠳᠬᠡᠯ ᠲᠤᠰᠢᠶᠠᠬᠤ ᠮᠡᠳᠡᠭᠳᠡᠯ ᠤᠨ ᠬᠠᠭᠤᠳᠠᠰᠤ︾ ᠶᠢ ᠠᠶᠠᠨᠳᠠᠭᠠᠨ ᠪᠣᠶ ᠪᠣᠯᠭᠠᠨ᠎ᠠ᠃       ︵ᠭᠤᠷᠪᠠ︶ ᠬᠢᠨᠠᠨ ᠬᠠᠷᠭᠤᠭᠤᠯᠵᠤ ᠳᠡᠩᠰᠡᠯᠡᠨ ᠬᠠᠷᠭᠤᠭᠤᠯᠬᠤ ᠠᠵᠢᠯᠲᠠᠨ ᠭᠤᠶᠤᠴᠢᠯᠠᠭᠴᠢ ᠶᠢᠨ ᠳᠡᠭᠡᠭᠰᠢ ᠳᠠᠮᠵᠢᠭᠤᠯᠤᠭᠰᠠᠨ ᠡᠯᠧᠺᠲᠷᠣᠨ ᠮᠠᠲ᠋ᠧᠷᠢᠶᠠᠯ ᠢ ᠦᠨᠳᠦᠰᠦᠯᠡᠨ ᠬᠢᠨᠠᠨ ᠬᠠᠷᠭᠤᠭᠤᠯᠵᠤ᠂ ᠳᠡᠩᠰᠡᠯᠡᠨ ᠲᠡᠮᠳᠡᠭᠯᠡᠬᠦ ᠳᠡᠭᠡᠨ ᠭᠤᠶᠤᠴᠢᠯᠠᠭᠴᠢ ᠶᠢᠨ ᠲᠤᠰᠢᠶᠠᠭᠰᠠᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ ᠳᠡᠩᠰᠡᠯᠡᠨ ᠲᠡᠮᠳᠡᠭᠯᠡᠬᠦ ᠬᠡᠷᠡᠭᠲᠡᠶ᠂ ᠬᠡᠷᠪᠡ ᠲᠤᠬᠠᠶᠢᠯᠠᠭᠰᠠᠨ ᠠᠵᠢᠯ ᠨᠢ ᠳᠠᠩᠰᠠᠯᠠᠬᠤ ᠨᠥᠬᠦᠴᠡᠯ ᠳᠤ ᠨᠡᠶᠢᠴᠡᠬᠦ ᠥᠬᠡᠶ ᠪᠣᠯ 1 ᠠᠵᠢᠯᠯᠠᠬᠤ ᠡᠳᠦᠷ ᠤᠨ ᠳᠣᠲᠣᠷ᠎ᠠ ᠴᠠᠭ ᠲᠤᠬᠠᠶ ᠳᠤᠨᠢ ᠭᠥᠯᠢᠶᠡᠨ ᠠᠪᠴᠤ  ᠰᠢᠢᠳᠪᠦᠷᠢᠯᠡᠬᠦ ᠭᠤᠭᠴᠤᠭ᠎ᠠ ᠳᠤ ᠪᠤᠴᠠᠭᠠᠬᠤ ᠶᠢᠨ ᠬᠠᠮᠲᠤ ᠪᠤᠴᠠᠭᠠᠭᠰᠠᠨ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃       ︵ᠳᠥᠷᠪᠡ︶  ᠰᠦᠢᠳᠬᠡᠯ ᠲᠤᠰᠢᠶᠠᠬᠤ ᠦᠨᠡᠮᠯᠡᠯ ᠣᠯᠭᠤᠬᠤ ᠳᠤ ᠭᠤᠶᠤᠴᠢᠯᠠᠭᠴᠢ ᠨᠢ ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ  ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ︾ ᠢᠶᠠᠷ ᠳᠡᠮᠵᠢᠨ ᠳᠠᠩᠰᠠᠯᠠᠬᠤ ᠰᠦᠢᠳᠬᠡᠯ ᠢᠶᠠᠨ ᠲᠤᠰᠢᠶᠠᠵᠤ᠂ ᠰᠦᠢᠳᠬᠡᠯ ᠲᠤᠰᠢᠶᠠᠭᠰᠠᠨ ᠤ ᠳᠠᠷᠠᠭ᠎ᠠ ᠲᠤᠰᠴᠤ ᠤᠯᠤᠭᠰᠠᠨ ᠣᠬᠤᠷ ᠮᠡᠳᠡᠭᠡ ᠪᠠᠷ ᠢᠶᠠᠨ ᠡᠷᠬᠡᠲᠦ ᠬᠥᠮᠦᠨ ᠤ ᠪᠡᠶ᠎ᠡ ᠶᠢᠨ ᠦᠨᠡᠮᠯᠡᠯ ᠢᠶᠠᠨ ᠠᠪᠴᠤ ᠦᠨᠡᠮᠯᠡᠯ ᠣᠯᠭᠤᠬᠤ ᠴᠣᠩᠬᠤᠨ ᠳᠤ ᠬᠦᠷᠴᠦ ᠦᠨᠡᠮᠯᠡᠯ ᠠᠪᠤᠨ᠎ᠠ᠃ ᠦᠨᠡᠮᠯᠡᠯ ᠣᠯᠭᠤᠭᠴᠢ ︽ᠦᠨᠡᠮᠯᠡᠯ ᠠᠪᠤᠭᠰᠠᠨ ᠭᠡᠷᠡᠴᠢ ᠪᠠᠷᠢᠮᠲᠠ︾ ᠶᠢ ᠳᠠᠷᠤᠮᠠᠯᠯᠠᠵᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠰᠢᠷᠪᠢᠵᠦ ᠰᠢᠰᠲ᠋ᠧᠮ ᠳᠤ ᠣᠷᠤᠭᠤᠯᠤᠨ ᠡᠯᠧᠺᠲᠷᠣᠨ ᠲᠠᠩᠰᠠ ᠡᠪᠬᠡᠮᠡᠯ ᠢ ᠪᠣᠶ ᠪᠣᠯᠭᠠᠬᠤ ᠶᠢᠨ ᠬᠠᠮᠲᠤ ︽ᠦᠨᠡᠮᠯᠡᠯ ᠠᠪᠤᠭᠰᠠᠨ ᠭᠡᠷᠡᠴᠢ ᠪᠠᠷᠢᠮᠲᠠ︾ ᠶᠢ ᠬᠤᠷᠢᠶᠠᠨ ᠠᠪᠴᠤ ᠤᠰᠠᠳᠬᠠᠨ᠎ᠠ᠃ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠬᠤᠷᠢᠶᠠᠨ ᠠᠪᠬᠤ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠳᠤ ᠂ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ ᠲᠠᠮᠠᠭ᠎ᠠ ᠳᠠᠷᠤᠬᠤ ᠶᠢᠨ ᠬᠠᠮᠲᠤ ᠠᠰ ᠲᠤᠨᠢ ᠬᠠᠳᠠᠭᠠᠯᠠᠬᠤ ᠬᠡᠷᠡᠭᠲᠡᠶ᠃                                        ᠢᠷᠡᠯᠲᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ