2021 · ᠥᠪᠥᠷ ᠮᠣᠩᠭᠤᠯ ᠤᠨ ᠬᠠᠲᠤᠨ ᠭᠤᠤᠯ ᠤᠨ ᠲᠤᠬᠤᠢ ᠶᠢᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ ᠬᠦᠷ ᠬᠦᠭᠵᠢᠶᠡᠨᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/10/7
      ᠤᠯᠤᠰ ᠤᠨ ᠪᠠᠶᠠᠷ ᠤᠨ ᠠᠮᠠᠷᠠᠯᠳᠠ ᠶᠢᠨ ᠠᠩᠬᠠᠨ ᠤ ᠡᠳᠤᠷ᠂ 2021 · ᠥᠪᠥᠷ ᠮᠣᠩᠭᠤᠯ ᠤᠨ ᠬᠠᠲᠤᠨ ᠭᠤᠤᠯ ᠤᠨ ᠲᠤᠬᠤᠢ ᠶᠢᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠤᠯᠠᠷᠢᠯ ᠵᠢᠴᠢ ᠬᠥᠬᠡᠬᠤᠲᠠ ᠶᠢᠨ ᠴᠡᠯᠡᠭᠡᠷ ᠲᠠᠯ᠎ᠠ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠴᠢᠩ ᠱᠦᠶ ᠾᠧ ᠰᠢᠶᠠᠨ ᠳᠤ ᠡᠬᠢᠯᠡᠵᠤ᠂ ᠤᠷᠠᠨ ᠰᠠᠶᠢᠬᠠᠨ ᠤ ᠲᠣᠭᠯᠠᠯᠲᠠ᠂ ᠠᠷᠠᠳ ᠤᠨ ᠵᠠᠩ ᠦᠶ᠋ᠯᠡ ᠶᠢᠨ ᠲᠣᠭᠯᠠᠯᠲᠠ᠂ ᠬᠠᠲᠤᠨ ᠭᠤᠤᠯ ᠤᠨ ᠥᠪᠡᠷᠮᠢᠴᠡ ᠣᠨᠴᠠᠯᠢᠭ ᠪᠥᠬᠦᠶ ᠰᠣᠶᠣᠯ ᠤᠨ ᠡᠭᠦᠳᠦᠯᠲᠡ ᠶᠢᠨ ᠦᠵᠡᠭᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠯᠲᠠ᠂ ᠴᠡᠯᠡᠭᠡᠷ ᠲᠠᠯ᠎ᠠ ᠶᠢᠨ ᠠᠮᠳᠠᠳᠦ ᠢᠳᠡᠭᠡᠨ ᠤ ᠨᠠᠶᠢᠷ᠂ ᠨᠤᠲᠤᠭ ᠤᠨ ᠣᠨᠴᠠ ᠭᠠᠷᠤᠯᠲᠠ ᠶᠢᠨ ᠦᠵᠡᠭᠦᠯᠭᠡ ᠵᠡᠷᠭᠡ ᠡᠯᠪᠡᠭ ᠪᠠᠶᠠᠯᠢᠭ ᠬᠡᠯᠪᠡᠷᠢ ᠪᠠᠷ ᠬᠦᠷ ᠬᠦᠭᠵᠢᠶᠡᠨᠳᠠᠢ ᠶᠠᠪᠤᠭᠳᠠᠵᠤ ᠪᠤᠢ᠃      ᠬᠦᠬᠡᠬᠤᠳᠠ ᠡᠶᠢᠮᠦᠷᠬᠦᠤ ᠠᠵᠢᠯᠯᠠᠭ᠎ᠠ ᠶᠢ ᠡᠷᠭᠢᠯᠡᠬᠦ ᠪᠠᠷ ᠳᠠᠮᠵᠢᠨ ᠣᠷᠣᠨ ᠤ ᠲᠥᠪ ᠢ ︽ᠤᠮᠠᠷᠠᠰᠢ ᠲᠠᠯ᠎ᠠ ᠨᠤᠲᠤᠭ ᠲᠤ ᠰᠡᠯᠡᠬᠦᠴᠡᠬᠦ᠂ ᠪᠠᠷᠠᠭᠤᠨᠰᠢ ᠶᠡᠭᠡ ᠡᠯᠡᠰᠦᠨ ᠴᠥᠯ ᠢᠶᠠᠷ ᠠᠶᠠᠯᠠᠬᠤ᠂ ᠡᠮᠦᠨᠡᠰᠢ ᠬᠠᠲᠤᠨ ᠭᠤᠤᠯ ᠢ ᠰᠣᠨᠢᠷᠬᠠᠬᠤ᠂ ᠵᠡᠭᠦᠨᠰᠢ ᠪᠡᠭᠡᠵᠢᠩ ᠲᠢᠶᠠᠨᠵᠢᠨ ᠳᠤ ᠬᠦᠷᠬᠦ︾ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠴᠢᠬᠤᠯᠠ ᠲᠥᠪ ᠪᠣᠯᠭᠠᠨ ᠪᠥᠲᠥᠭᠡᠨ ᠪᠠᠶᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠰᠠᠳ ᠲᠤ ᠤᠨᠴᠠ ᠶᠢᠨ ᠰᠠᠶᠢᠬᠠᠨ ᠦᠩᠬᠡ ᠦᠵᠡᠮᠵᠢ ᠶᠢ ᠰᠣᠨᠢᠷᠬᠠᠭᠤᠯᠬᠤ᠂ ᠠᠮᠲᠠᠲᠤ ᠢᠳᠡᠭᠡᠨ ᠢ ᠵᠤᠭᠤᠭᠯᠠᠭᠤᠯᠬᠤ᠂ ᠰᠡᠯᠡᠭᠦᠴᠡᠨ ᠠᠮᠠᠷᠠᠭᠤᠯᠬᠤ᠂ ᠤᠨᠴᠠᠯᠢᠬᠳᠦ ᠪᠠᠷᠠᠭ᠎ᠠ ᠬᠤᠳᠠᠯᠳᠤᠨ ᠠᠪᠤᠭᠤᠯᠬᠤ ᠶᠢ ᠠᠬᠢᠭᠤᠯᠬᠤ ᠶᠢᠨ ᠲᠦᠯᠦᠭᠡ ᠶᠤᠮ᠃ ᠬᠥᠬᠡᠬᠤᠲᠠ ᠤᠳᠤ ︽ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠪᠦᠳᠦᠬᠡᠨ ᠪᠠᠶᠢᠭᠤᠯᠬᠤ︾ ᠶᠡᠷᠦᠩᠬᠡᠶᠢᠯᠡᠭᠰᠡᠨ ᠲᠦᠰᠦᠪ ᠢ ᠬᠡᠷᠡᠭᠵᠢᠬᠦᠯᠵᠦ᠂ ︽ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠲᠠᠯ᠎ᠠ ᠨᠤᠲᠤᠭ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠪᠤᠯᠤᠨ ᠡᠮᠦᠨᠡᠲᠦ ᠬᠡᠰᠡᠭ ᠤᠨ ᠬᠠᠳᠤᠨ ᠭᠤᠤᠯ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢ ᠪᠦᠲᠦᠭᠡᠨ ᠪᠠᠶᠢᠭᠤᠯᠬᠤ︾ ᠰᠢᠨ᠎ᠡ ᠠᠶᠠᠨ ᠢ ᠡᠬᠢᠯᠡᠭᠦᠯᠵᠦ᠂ ᠤᠯᠠᠭᠠᠨᠴᠠᠪ ᠬᠤᠳᠠ᠂ ᠪᠤᠭᠤᠲᠤ ᠬᠤᠳᠠ ᠪᠠ ᠣᠷᠳᠣᠰ ᠬᠤᠳᠠ ᠵᠡᠷᠭᠡ ᠡᠷᠭᠢᠨ ᠲᠣᠭᠤᠷᠢᠨ ᠤ ᠭᠠᠵᠠᠷ ᠲᠠᠢ ᠬᠠᠮᠲᠤᠷᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠨ᠂ ᠵᠢᠭᠤᠯᠴᠢᠯᠠᠯ ᠤᠨ ᠠᠮᠢ ᠠᠬᠤᠶ ᠪᠠ ᠬᠥᠮᠦᠨ ᠨᠡᠶᠢᠭᠡᠮ ᠤᠨ ᠰᠤᠶᠤᠯ ᠵᠠᠩᠰᠢᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠪᠡᠭᠡᠵᠢᠩ ᠲᠢᠶᠠᠨᠵᠢᠨ ᠾᠧᠪᠧᠶ ᠶᠢᠨ ᠰᠡᠯᠡᠭᠦᠴᠡᠯ ᠠᠮᠠᠷᠠᠯᠲᠠ ᠶᠢᠨ ︽ᠠᠷᠤ ᠴᠡᠴᠡᠷᠯᠢᠭ︾ ᠢ ᠴᠣᠭᠴᠠᠯᠠᠵᠤ ᠪᠠᠶᠢᠨ᠎ᠠ᠃      2021 · ᠥᠪᠥᠷ ᠮᠣᠩᠭᠤᠯ ᠤᠨ ᠬᠠᠲᠤᠨ ᠭᠤᠤᠯ ᠤᠨ ᠲᠤᠬᠤᠢ ᠶᠢᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠤᠯᠠᠷᠢᠯ ᠵᠢᠴᠢ ᠬᠥᠬᠡᠬᠤᠲᠠ ᠶᠢᠨ ᠴᠡᠯᠡᠭᠡᠷ ᠲᠠᠯ᠎ᠠ ᠳᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠨᠢ ᠭᠤᠶᠢᠳᠠ ᠰᠠᠶᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠲᠠᠮᠵᠢᠨ ᠬᠥᠮᠦᠰ ᠲᠤ ᠬᠠᠲᠤᠨ ᠭᠤᠤᠯ ᠢ ᠣᠶᠢᠯᠠᠭᠠᠭᠤᠯᠵᠤ᠂ ᠬᠠᠲᠤᠨ ᠭᠤᠤᠯ ᠤᠨ ᠰᠣᠶᠣᠯ ᠬᠢᠭᠡᠳ ᠪᠠᠶᠢᠭᠠᠯᠢ ᠶᠢᠨ ᠭᠤᠸ᠎ᠠ ᠰᠠᠶᠢᠬᠠᠨ ᠢ ᠮᠡᠳᠡᠷᠡᠬᠦᠯᠬᠦ ᠪᠣᠯᠤᠨ᠎ᠠ ᠃ ᠡᠭᠦᠨ ᠤ ᠬᠠᠮᠲᠤ ︽ᠴᠡᠯᠡᠭᠡᠷ ᠲᠠᠯ᠎ᠠ︾ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠠᠶᠢᠭᠤᠯᠤᠯᠳᠠ ᠳᠤ ᠬᠦᠴᠦᠨ ᠨᠡᠮᠡᠷᠢᠯᠡᠬᠦ ᠶᠢ ᠵᠤᠷᠢᠵᠠᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ