ᠪᠣᠣ ᠭᠠᠩ ᠬᠤᠷᠢᠨᠭᠡᠷ ᠰᠢᠶᠠᠨ ᠳᠤ ᠬᠦᠷᠴᠦ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠢ ᠴᠥᠬᠦᠷᠡᠰᠢ ᠦᠭᠡᠢ ᠪᠦᠲᠦᠭᠡᠨ ᠪᠠᠶᠢᠭᠤᠯᠵᠤ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠪᠠᠶᠢᠭᠤᠯᠵᠤ ᠦᠢᠯᠡᠳᠪᠦᠷᠢᠯᠡᠯ ᠡᠬᠢᠯᠡᠭᠦᠯᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/8
            ᠾᠧ ᠬᠠᠢ ᠳ᠋ᠦᠩ  ᠴᠠᠩ ᠫᠧᠢ ᠵᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠢᠨᠭᠡᠷ ᠰᠢᠶᠠᠨ ᠳᠤ ᠬᠦᠷᠴᠦ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ  ᠮᠣᠩᠭᠤᠯ ᠤᠨ ᠲᠤᠬᠠᠢ ᠳᠤᠷᠠᠳᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠷᠡᠰ ᠭᠤᠶᠢᠪᠢᠰᠢ ᠦᠭᠡᠶ ᠲᠤᠭᠤᠰᠢᠯᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠲᠠᠯ ᠬᠦᠴᠦᠨ ᠢᠶᠠᠨ ᠪᠠᠲᠤᠯᠠᠨ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠢ ᠴᠥᠬᠦᠷᠡᠰᠢ ᠥᠬᠡᠶ ᠪᠥᠲᠥᠭᠡᠨ ᠪᠠᠶᠢᠭᠤᠯᠵᠤ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠵᠤ ᠦᠢᠯᠡᠳᠪᠦᠷᠢᠯᠡᠯ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠪᠣᠣ ᠭᠠᠩ ᠨᠠᠷ ᠤᠷᠢᠳ ᠬᠤᠵᠢᠳ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ᠂ ᠱᠧᠩ ᠵᠢᠶᠠᠨ ᠰᠦ ᠶᠢᠨ ᠦᠢᠯᠡᠰ᠂ ᠵᠧᠩ ᠳ᠋ᠡ ᠬᠤᠩ ᠶᠧ ᠢᠳᠡᠭᠡᠨ ᠡᠳ᠋ᠰᠢᠭᠦᠯᠬᠦ ᠦᠢᠯᠡᠳᠪᠦᠷᠢ᠂ ᠮᠧᠩ ᠼᠤᠤ ᠡᠪᠡᠰᠦᠨ ᠬᠦᠷᠢᠶᠡᠯᠡᠩ᠂ ᠮᠧᠩ ᠨᠢᠦ ᠶᠢᠨ 5G ᠲᠣᠭᠠᠴᠢᠯᠠᠭᠰᠠᠨ ᠦᠢᠯᠡᠳᠪᠦᠷᠢ ᠶᠢᠨ 8 ᠳ᠋ᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃ ᠲᠠᠷᠠᠭ᠎ᠠ ᠨᠢ᠂ ᠪᠣᠣ ᠭᠠᠩ ᠪᠠᠰᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠤᠳᠤᠯᠪᠠ᠃       ᠪᠣᠣ ᠭᠠᠩ ᠴᠢᠬᠤᠯᠠᠴᠢᠯᠠᠭᠰᠠᠨ ᠨᠢ᠂ ᠬᠤᠷᠢᠨᠭᠡᠷ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠨᠢ ᠰᠠᠶᠢᠨ᠂ ᠰᠡᠯᠭᠦᠬᠦ ᠬᠦᠴᠦᠨ ᠭᠦᠢᠴᠡᠳ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠲᠣᠳᠣᠷᠬᠠᠶᠢᠯᠠᠭᠰᠠᠨ ᠬᠤᠷᠢᠨᠭᠡᠷ ᠰᠢᠶᠠᠨ ︽ᠰᠦ ᠮᠢᠬᠠᠨ ᠤ ᠪᠦᠲᠦᠭᠡᠭᠳᠡᠬᠦᠨ᠂ ᠪᠣᠬᠢᠷᠲᠤᠯ ᠦᠬᠡᠢ ᠢᠳᠡᠭᠡᠨ ᠢ ᠡᠳ᠋ᠰᠢᠭᠦᠯᠬᠦ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠬᠦ︾ ᠬᠠᠷᠠᠯᠲᠠ ᠶᠣᠰᠣᠭᠠᠷ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠵᠦ ᠪᠥᠭᠡᠮᠨᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠳᠤᠤᠷᠠᠳᠤ ᠤᠷᠤᠰᠬᠠᠯ ᠲᠡᠰᠢ ᠥᠷᠭᠡᠳᠬᠡᠨ ᠤᠷᠲᠤᠳᠬᠠᠵᠤ᠂ ︽ᠨᠢᠭᠡ ᠠᠳᠬᠤ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠪᠦᠬᠦ ᠦᠶᠡᠯᠡᠯ ᠤᠨ ᠬᠤᠭᠤᠴᠠᠭ᠎ᠠ᠂ ᠪᠦᠬᠦ ᠶᠠᠪᠤᠴᠠ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃       ᠪᠣᠣ ᠭᠠᠩ ᠴᠢᠬᠤᠯᠠᠴᠢᠯᠠᠭᠰᠠᠨ ᠨᠢ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ︽ᠲᠤᠰᠬᠠᠶ ᠬᠥᠮᠦᠨ ᠢᠶᠠᠷ ᠠᠩᠬᠠᠷᠤᠭᠤᠯᠤᠨ ᠡᠷᠬᠢᠯᠡᠭᠦᠯᠵᠦ᠂ ᠲᠤᠰᠬᠠᠶ ᠠᠵᠢᠯ ᠤᠨ ᠠᠩᠭᠢ ᠪᠠᠷ ᠳᠥᠯᠭᠢᠨ ᠠᠬᠢᠭᠤᠯᠬᠤ︾ ᠬᠡᠷᠡᠭᠲᠡᠶ᠃ ᠳᠠᠷᠢᠬᠤ ᠪᠠ ᠲᠡᠵᠢᠭᠡᠨ ᠦᠷᠡᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠡᠪᠡᠰᠦᠨ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠮᠧᠩ ᠼᠤᠤ᠂ ᠼᠤᠤ ᠳ᠋ᠦ᠋ ᠵᠡᠷᠭᠡ ᠡᠪᠡᠰᠦᠨ ᠤ ᠦᠢᠯᠡᠰ ᠤᠨ ᠺᠣᠮᠫᠠᠨᠢ ᠳᠤ ᠲᠦᠰᠢᠭᠯᠡᠨ᠂ ᠲᠡᠵᠢᠭᠡᠯ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠦᠬᠡᠷ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠵᠦ᠂ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠣᠲᠣ ᠦᠶ᠎ᠡ ᠶᠢᠨ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠶᠢ ᠨᠢᠭᠡ ᠴᠤᠭᠴᠠᠵᠢᠭᠤᠯᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠬᠡᠷᠡᠭᠲᠡᠶ᠃ ᠬᠤᠨᠢᠨ ᠤ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠵᠤ᠂ ᠱᠧᠩ ᠵᠢᠶᠠᠨ ᠢᠮᠠᠭᠠᠨ ᠰᠦ᠂ ᠮᠧᠩ ᠶᠠᠩ ᠺᠣᠮᠫᠠᠨᠢ ᠵᠡᠷᠭᠡ ᠶᠢᠨ ᠬᠥᠭᠵᠢᠯᠲᠡ ᠪᠠᠨ ᠲᠦᠷᠭᠡᠳᠬᠡᠬᠦ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ᠃ ᠠᠮᠢᠳᠤ ᠭᠠᠭ᠋ᠠᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠵᠦ᠂ ᠵᠠᠭᠤᠨ ᠲᠦᠮᠡᠨ ᠠᠮᠢᠳᠤ ᠭᠠᠭ᠋ᠠᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠡᠢ᠃       ᠪᠣᠣ ᠭᠠᠩ ᠴᠢᠬᠤᠯᠠᠴᠢᠯᠠᠭᠰᠠᠨ ᠨᠢ᠂ ᠬᠦᠢᠳᠡᠨ ᠬᠡᠯᠬᠢᠶᠡᠨ ᠤ ᠪᠠᠷᠠᠭᠠᠨ ᠤ ᠭᠦᠢᠯᠭᠡᠭᠡ ᠶᠢ ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠬᠦᠴᠦᠲᠡᠢ ᠠᠵᠠ ᠲᠣᠬᠢᠶᠠᠯ ᠢ ᠴᠢᠩᠭ᠎ᠠ ᠠᠳᠬᠤᠵᠤ᠂ ᠠᠭᠠᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠳᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ ᠢ ᠢᠵᠢ ᠪᠦᠷᠢᠳᠦᠭᠦᠯᠦᠨ ᠲᠥᠪᠯᠡᠷᠡᠭᠦᠯᠵᠦ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ᠂ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠦᠭᠡᠶ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠬᠤᠷᠢᠨᠭᠡᠷ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠬᠤᠳᠠᠯᠳᠤᠭᠠᠴᠢᠨ ᠤᠷᠢᠵᠤ᠂ ᠮᠧᠩ ᠨᠢᠦ᠂ ᠮᠧᠩ ᠼᠤᠤ᠂ ᠵᠧᠩ ᠳ᠋ᠡ᠂ ᠮᠧᠩ ᠶᠠᠩ᠂ ᠱᠧᠩ ᠵᠢᠶᠠᠨ ᠵᠡᠷᠭᠡ ᠬᠥᠲᠥᠴᠢ ᠠᠵᠤ ᠠᠬᠤᠶᠢᠯᠠᠯ ᠤᠨ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠂ ᠥᠪᠥᠷ ᠮᠣᠩᠭᠤᠯ ᠢ ᠪᠣᠬᠢᠷᠲᠤᠯ ᠥᠬᠡᠶ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠠᠬᠢᠴᠠ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠡᡁᠧ ᠬᠠᠢ ᠳ᠋ᠦᠩ᠂ ᠴᠠᠩ ᠫᠸᠢ ᠵᠦᠩ᠂ ᠯᠢᠦ ᠵᠢᠢ ᠶᠢᠩ᠂ ᠰᠢᠤᠢ ᠱᠸᠤ ᠵᠢᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ