ᠪᠣᠣ ᠭᠠᠩ ᠲᠦᠮᠡᠳ ᠵᠡᠭᠦᠨ ᠬᠤᠰᠢᠭᠤᠨ ᠳᠤ ᠬᠦᠷᠴᠦ ᠢᠯᠢ ᠶᠢᠨ ᠣᠳᠣ ᠦᠶ᠎ᠡ ᠶᠢᠨ ᠣᠶᠣᠨᠲᠣ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠢᠯᠢ ᠶᠢᠨ ᠣᠳᠣ ᠦᠶ᠎ᠡ ᠶᠢᠨ ᠣᠶᠣᠨᠲᠣ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠶᠢᠯᠪᠤᠷᠢᠳᠠᠢ ᠲᠦᠯᠬᠢᠨ ᠠᠬᠢᠭᠤᠯᠵᠤ ᠠᠵᠤ ᠦᠢᠯᠡᠰ ᠪᠣᠯᠣᠨ ᠬᠤᠲᠠ ᠶᠢ ᠠᠭᠤᠰᠤᠯᠴᠠᠭᠤᠯᠤᠨ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/10/8
                    ᠾᠧ ᠬᠠᠢ ᠳ᠋ᠦᠩ  ᠴᠠᠩ ᠫᠧᠢ ᠵᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠢᠯᠢ ᠶᠢᠨ ᠣᠳᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠤᠯᠤᠰ ᠲᠦᠷᠦ ᠶᠢ ᠡᠷᠬᠢᠮᠯᠡᠬᠦ  ᠥᠨᠳᠦᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ  ᠮᠣᠩᠭᠤᠯ ᠤᠨ ᠲᠤᠬᠠᠢ ᠳᠤᠷᠠᠳᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠤᠶᠢᠪᠢᠰᠢ ᠦᠭᠡᠶ ᠲᠤᠭᠤᠰᠢᠯᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠣᠶᠢᠯᠪᠤᠷᠢᠳᠠᠢ ᠲᠦᠯᠬᠢᠨ ᠠᠬᠢᠭᠤᠯᠵᠤ᠂ ᠠᠵᠤ ᠦᠢᠯᠡᠰ ᠪᠣᠯᠣᠨ ᠬᠤᠲᠠ ᠶᠢ ᠠᠭᠤᠰᠤᠯᠴᠠᠭᠤᠯᠤᠨ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠲᠤᠰ ᠡᠳᠦᠷ᠂ ᠪᠣᠣ ᠭᠠᠩ ᠨᠠᠷ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠵᠢᠴᠢ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠠᠢ᠃       ᠪᠣᠣ ᠭᠠᠩ ᠴᠢᠬᠤᠯᠠᠴᠢᠯᠠᠭᠰᠠᠨ ᠨᠢ᠂ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ ᠨᠢ ᠡᠪᠡᠰᠦ ᠶᠢ ᠰᠠᠶᠢᠨ ᠳᠠᠷᠢᠵᠤ᠂ ᠦᠨᠢᠶ᠎ᠡ ᠶᠢ ᠰᠠᠶᠢᠨ ᠲᠡᠵᠢᠭᠡᠵᠦ᠂ ᠰᠦ ᠶᠢ ᠰᠠᠶᠢᠨ ᠦᠢᠯᠡᠳᠪᠦᠷᠢᠯᠡᠵᠦ᠂ ᠬᠡᠯᠬᠢᠶ᠎ᠡ ᠶᠢ ᠰᠠᠶᠢᠨ ᠪᠠᠶᠢᠭᠤᠯᠬᠤ ᠳᠤ ᠪᠤᠢ᠃ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠪᠤᠶᠢᠵᠢᠭᠤᠯᠤᠨ᠂ ︽ᠨᠢᠭᠡ ᠠᠳᠬᠤ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠶᠢᠨ ᠲᠣᠭᠤᠷᠢᠨ ᠳᠤ᠂ ᠬᠠᠮᠤᠭ ᠤᠨ ᠰᠢᠯᠢᠳᠡᠭ ᠰᠠᠭᠠᠯᠢ ᠶᠢᠨ ᠦᠨᠢᠶᠡᠨ ᠤ ᠡᠭᠦᠯᠳᠡᠷ ᠤᠨ ᠡᠬᠢ ᠪᠠᠶᠠᠯᠢᠭ᠂ ᠬᠠᠮᠤᠭ ᠤᠨ ᠣᠲᠣ ᠦᠶ᠎ᠡ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ᠂ ᠬᠠᠮᠤᠭ ᠤᠨ ᠴᠢᠨᠠᠷ ᠰᠠᠶᠢᠲᠠᠶ ᠴᠢᠨᠠᠷ ᠲᠡᠵᠢᠭᠡᠯ ᠡᠪᠡᠰᠦ᠂ ᠬᠠᠮᠤᠭ ᠤᠨ ᠣᠳᠣᠬᠢᠴᠢᠯᠠᠭᠰᠠᠨ ᠡᠳ᠋ᠰᠢᠭᠦᠯᠦᠨ ᠪᠣᠯᠪᠠᠰᠤᠷᠠᠭᠤᠯᠬᠤ ᠮᠡᠷᠭᠡᠵᠢᠯ ᠪᠠ ᠬᠠᠮᠤᠭ ᠤᠨ ᠲᠡᠷᠢᠭᠦᠨ ᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡ ᠶᠢ ᠪᠤᠶᠢᠵᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢ ︽ᠳᠡᠯᠡᠬᠡᠶ ᠶᠢᠨ ᠰᠦ ᠶᠢᠨ ᠬᠤᠲᠠ︾ ᠳᠠᠰᠢ ᠠᠬᠢᠭᠤᠯᠬᠤ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠭᠰᠠᠨ ᠨᠢ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠠᠵᠠ ᠲᠣᠬᠢᠶᠠᠯ ᠢ ᠠᠮᠵᠢᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ᠃ ᠨᠢᠭᠡ ᠲᠤᠰᠢᠶᠠᠯ ᠤᠨ ᠬᠤᠭᠤᠴᠠᠭ᠎ᠠ ᠨᠢ ᠳᠡᠭᠡᠷ᠎ᠡ ᠲᠤᠰᠢᠶᠠᠯ ᠤᠨ ᠬᠤᠭᠤᠴᠠᠭᠠᠨ ᠤ ᠬᠢ ᠶᠢ ᠵᠠᠯᠭᠠᠮᠵᠢᠯᠠᠨ ᠬᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ ᠲᠥᠷᠥᠯ ᠵᠦᠢᠯ ᠤᠨ ᠠᠬᠢᠴᠠ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠡᠷᠲᠡ ᠡᠳᠦᠷ ᠦᠢᠯᠡᠳᠪᠦᠷᠢᠯᠡᠯ ᠢᠶᠠᠨ ᠪᠡᠶᠡᠯᠡᠭᠦᠯᠦᠨ ᠦᠷ᠎ᠡ ᠠᠰᠢᠭ ᠣᠯᠬᠤ ᠶᠢ ᠨᠥᠬᠦᠴᠡᠯ ᠳᠤᠷᠠᠳᠬᠤ ᠦᠭᠡᠢ ᠪᠠᠷ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠭᠰᠠᠨ ᠨᠢ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠴᠢᠨᠠᠷ ᠰᠠᠶᠢᠲᠠᠢ ᠲᠡᠵᠢᠭᠡᠯ ᠡᠪᠡᠰᠦᠨ ᠤ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠲᠤᠬᠢᠷᠠᠭᠤᠯᠤᠨ ᠰᠢᠯᠢᠳᠡᠭᠵᠢᠭᠦᠯᠵᠦ᠂ ᠲᠡᠵᠢᠭᠡᠯ ᠡᠪᠡᠰᠦᠨ ᠤ ᠰᠠᠭᠤᠷᠢᠨ ᠢ ᠲᠥᠯᠥᠪᠵᠢᠭᠦᠯᠬᠦ ᠪᠠ ᠢᠵᠢ ᠪᠦᠷᠢᠳᠦᠭᠦᠯᠬᠦ ᠶᠢ ᠲᠦᠷᠭᠡᠳᠬᠡᠵᠦ᠂ ᠴᠢᠨᠠᠷ ᠰᠠᠶᠢᠲᠠᠢ ᠲᠡᠵᠢᠭᠡᠯ ᠡᠪᠡᠰᠦᠨ ᠤ ᠵᠢᠱᠢᠶ᠎ᠡ ᠦᠵᠡᠭᠦᠯᠬᠦ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡ ᠶᠢ ᠤᠷᠢᠳᠴᠢᠯᠠᠨ ᠪᠠᠶᠢᠷᠢᠰᠢᠭᠤᠯᠵᠤ᠂ ᠤᠯᠤᠰ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠭᠤᠣᠯ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠴᠠᠭᠠᠨ ᠢᠳᠡᠭᠡᠨ ᠢ ᠬᠠᠳᠠᠭᠠᠯᠠᠵᠤ ᠲᠡᠭᠡᠭᠡᠪᠦᠷᠢᠯᠡᠬᠦ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃       ᠪᠣᠣ ᠭᠠᠩ ᠴᠢᠬᠤᠯᠠᠴᠢᠯᠠᠭᠰᠠᠨ ᠨᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠦᠴᠦᠲᠡᠢ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠬᠤᠳᠠᠯᠳᠤᠭᠠᠴᠢᠨ ᠤᠷᠢᠨ ᠪᠡᠯᠡ ᠣᠷᠣᠭᠤᠯᠵᠤ᠂ ᠢᠯᠢ ᠪᠦᠯᠦᠭᠯᠡᠯ ᠤᠨ ᠠᠵᠢᠯ ᠲᠦᠷᠦᠯ ᠤᠨ ᠲᠠᠭᠠᠭᠤᠯᠤᠭᠴᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠠᠵᠤ ᠦᠢᠯᠡᠰ ᠤᠨ ᠲᠥᠪᠯᠡᠷᠡᠵᠦ ᠪᠥᠭᠡᠮᠨᠡᠷᠡᠭᠰᠡᠨ ᠳᠠᠪᠠᠭᠤᠯᠢᠭ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠲᠥᠷᠥᠯ ᠵᠦᠢᠯ ᠤᠨ ᠦᠢᠯᠡᠴᠢᠯᠡᠭᠡ ᠶᠢ ᠵᠣᠯᠭᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠡᠪᠦᠯ ᠤᠨ ᠤᠯᠠᠷᠢᠯ ᠤᠨ ᠴᠠᠭ ᠢ ᠰᠠᠶᠢᠲᠤᠷ ᠠᠰᠢᠭᠯᠠᠨ᠂ ᠭᠡᠷ᠎ᠡ ᠲᠣᠭᠲᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠤᠷᠢᠳᠴᠢᠯᠠᠨ ᠰᠠᠶᠢᠲᠤᠷ ᠰᠢᠢᠳᠪᠦᠷᠢᠯᠡᠵᠦ᠂ ᠪᠠᠯᠠ ᠮᠥᠩᠭᠦ᠂ ᠭᠠᠵᠠᠷ ᠰᠢᠷᠣᠶ ᠬᠡᠷᠡᠭᠯᠡᠬᠦ᠂ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠵᠡᠷᠭᠡ ᠠᠰᠠᠭᠤᠳᠠᠯ ᠢ ᠦᠨᠡᠨ ᠪᠣᠳᠠᠲᠠᠶ ᠰᠠᠶᠢᠲᠤᠷ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠨᠡᠨᠬᠦ ᠠᠬᠢᠴᠠ ᠶᠢᠨ ᠶᠣᠰᠣᠭᠠᠷ ᠲᠦᠯᠬᠢᠨ ᠠᠬᠢᠭᠤᠯᠬᠤ ᠬᠡᠷᠡᠭᠲᠡᠶ ᠭᠡᠵᠡᠢ᠃       ᠬᠤᠳᠠ ᠶᠢᠨ ᠤᠳᠤᠷᠢᠳᠤᠯᠭ᠎ᠠ ᠡᡁᠧ ᠬᠠᠢ ᠳ᠋ᠦᠩ᠂ ᠴᠠᠩ ᠫᠸᠢ ᠵᠦᠩ᠂ ᠸᠧᠢ ᠬᠤᠩ ᠵᠢᠶᠦ᠋ᠨ᠂ ᠯᠢᠦ ᠵᠢᠢ ᠶᠢᠩ᠂ ᠰᠢᠤᠢ ᠱᠸᠤ ᠵᠢᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠢᠯᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠵᠠᠬᠢᠷᠤᠭᠴᠢ ᠫᠠᠨ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ