ᠠᠵᠤ ᠠᠬᠤᠶᠢᠯᠠᠯ ᠤᠨ ᠬᠤᠭᠤᠷᠤᠨᠳᠤᠬᠢ ᠣᠷᠣᠨ ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠰᠢᠯᠵᠢᠭᠦᠯᠦᠨ ᠳᠠᠩᠰᠠᠯᠠᠬᠤ ᠳᠤ ︽ᠨᠢᠭᠡ ᠭᠤᠭᠴᠤᠭ᠎ᠠ︾ ᠳᠤ ᠪᠡᠶᠡᠯᠡᠬᠦᠯᠬᠦ ᠶᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/8
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ  ᠰᠢᠯᠢᠳᠡᠭᠵᠢᠬᠦᠯᠵᠦ᠂ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠶ ᠴᠣᠩᠬᠤ  ᠭᠠᠷᠭᠠᠨ᠂ ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ  ᠬᠢᠬᠦ ᠳᠤ᠂ ᠲᠤᠰᠬᠠᠶ ᠬᠥᠮᠦᠨ ᠢᠶᠠᠷ ᠵᠣᠯᠭᠠᠭᠤᠯᠵᠤ᠂ ᠤᠷᠢᠳᠠᠪᠠᠷ ᠭᠥᠯᠢᠶᠡᠨ ᠠᠪᠴᠤ  ᠰᠢᠢᠳᠪᠦᠷᠢᠯᠡᠨ᠂  ᠤᠴᠢᠷ  ᠶᠠᠪᠤᠳᠠᠯ ᠤᠨ ᠡᠮᠦᠨᠡᠬᠢ᠂  ᠤᠴᠢᠷ ᠶᠠᠪᠤᠳᠠᠯ ᠤᠨ ᠲᠤᠮᠳᠠᠬᠢ᠂ ᠤᠴᠢᠷ ᠶᠠᠪᠤᠳᠠᠯ ᠤᠨ ᠳᠠᠷᠠᠭᠠᠬᠢ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ ᠡᠳᠦᠭᠡ ᠬᠤᠯᠪᠣᠭᠳᠠᠯ ᠬᠠᠮᠢᠶ᠎ᠠ ᠪᠦᠬᠦᠢ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄       01      ᠲᠤᠬᠠᠶᠢᠯᠠᠭᠰᠠᠨ ᠠᠵᠢᠯ ᠤᠨ ᠬᠡᠪᠴᠢᠶ᠎ᠡ       ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠬᠤᠭᠤᠷᠤᠨᠳᠤᠬᠢ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠯᠡᠳᠡᠭᠡᠯ ᠣᠷᠤᠨ ᠰᠠᠭᠤᠴᠠ ᠶᠢᠨ ᠪᠣᠰᠤ ᠭᠡᠷ ᠪᠠᠶᠢᠰᠢᠩ ᠢ ᠰᠢᠯᠵᠢᠬᠦᠯᠦᠨ ᠲᠠᠩᠰᠠᠯᠠᠬᠤ ᠳᠤ ᠲᠣᠬᠢᠷᠠᠨ᠎ᠠ᠃      02      ᠰᠢᠯᠢᠳᠡᠭᠵᠢᠬᠦᠯᠦᠭᠰᠡᠨ ᠴᠤᠪᠤᠷᠠᠯ       ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ︽  ᠮᠦᠩᠭᠡ ᠰᠣᠪᠠᠭ ᠤᠨ ᠨᠢᠭᠡ ᠯᠡ ᠤᠳᠠᠭ᠎ᠠ ᠳᠤ ᠭᠦᠢᠴᠡᠳᠭᠡᠬᠦ︾ ᠲᠤᠰᠬᠠᠶ ᠴᠣᠩᠬᠤᠨ ᠳᠤ ᠭᠦᠢᠴᠡᠳᠭᠡᠵᠦ᠂ ᠭᠤᠶᠤᠴᠢᠯᠠᠬᠤ᠂ ᠭᠥᠯᠢᠶᠡᠨ ᠠᠪᠴᠤ  ᠰᠢᠢᠳᠪᠦᠷᠢᠯᠡᠬᠦ᠂ ᠦᠨᠡᠮᠯᠡᠯ ᠣᠯᠭᠤᠬᠤ ᠲᠤᠬᠠᠶᠢᠯᠠᠭᠰᠠᠨ ᠠᠵᠢᠯ ᠤᠨ ᠪᠥᠬᠦ ᠶᠠᠪᠤᠴᠠ  ᠶᠢ ︽ᠨᠢᠭᠡ ᠭᠤᠭᠴᠤᠭ᠎ᠠ︾  ᠳᠤ ᠪᠡᠶᠡᠯᠡᠭᠦᠯᠦᠨ᠎ᠡ᠃ ᠡᠭᠦᠨ ᠤ ᠵᠡᠷᠭᠡᠪᠡᠷ᠂ ᠪᠠᠰᠠ ︽ᠰᠦᠢᠳᠬᠡᠯ ᠬᠤᠷᠢᠶᠠᠬᠤ ᠦᠭᠡᠶ ᠪᠠᠷ ᠰᠢᠦᠳᠠᠨ ᠢᠶᠠᠷ ᠢᠯᠡᠭᠡᠬᠦ︾ ᠪᠠᠷ  ᠳᠠᠮᠵᠢᠭᠤᠯᠤᠨ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠢᠯᠡᠭᠡᠵᠦ ᠪᠣᠯᠤᠨ᠎ᠠ᠃       ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ᠄ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ︵ᠣᠷᠣᠯᠠᠭᠴᠢ︶ ᠭᠤᠶᠤᠴᠢᠯᠠᠬᠤ ︵ᠤᠷᠢᠳᠴᠢᠯᠠᠨ ᠪᠣᠯᠵᠣᠬᠤ ᠬᠡᠷᠡᠭ ᠦᠭᠡᠢ︶ — ︽ᠮᠥᠩᠭᠡ ᠰᠤᠪᠠᠭ᠂ ᠨᠢᠭᠡ ᠯᠡ ᠤᠳᠠᠭ᠎ᠠ ᠳᠤ ᠬᠦᠢᠴᠡᠳᠬᠡᠬᠦ︾ ᠲᠤᠰᠬᠠᠶ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ — ᠦᠨᠡᠮᠯᠡᠯ ᠣᠯᠭᠤᠬᠤ᠃       03       ᠭᠦᠢᠴᠡᠳᠬᠡᠬᠦ ᠴᠠᠭ ᠤᠨ ᠬᠢᠵᠠᠭᠠᠷᠯᠠᠯ      ᠠᠵᠤ ᠠᠬᠤᠶᠢᠯᠠᠯ ᠤᠨ ᠬᠤᠭᠤᠷᠤᠨᠳᠤᠬᠢ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢ ᠰᠢᠯᠵᠢᠭᠦᠯᠦᠨ ᠲᠠᠩᠰᠠᠯᠠᠬᠤ ᠶᠢ 90 ᠮᠢᠨᠦ᠋ᠲ ᠲᠤ ᠭᠦᠢᠴᠡᠳᠭᠡᠵᠦ ᠳᠠᠭᠤᠰᠬᠠᠭᠠᠳ ᠦᠨᠡᠮᠯᠡᠯ ᠣᠯᠭᠤᠨ᠎ᠠ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ