ᠪᠣᠣ ᠭᠠᠩ ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/9
ᠼᠤᠤ ᠰᠧ ᠶᠠᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠶ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠦᠨᠡᠨᠬᠦ ᠲᠤᠭᠤᠰᠢᠯᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠦᠨᠡᠨᠬᠦ ᠲᠤᠭᠤᠰᠢᠯᠠᠭᠤᠯᠵᠤ᠂ ᠡᠯ᠎ᠡ ᠦᠨᠳᠦᠰᠦᠲᠡᠨ ᠤ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠠᠨᠠᠷ ᠤᠨ ᠦᠷ᠎ᠡ ᠰᠢᠭ ᠢᠶᠠᠷ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠡᠢ᠃      ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠪᠣᠯ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠢᠭᠡ ᠴᠤᠭᠴᠠᠵᠢᠭᠤᠯᠤᠭᠰᠠᠨ 15 ᠵᠢᠯ ᠤᠨ ᠳᠦᠷᠢᠮᠲᠦ ᠰᠤᠷᠭᠠᠭᠤᠯᠢ ᠪᠣᠯᠤᠨ᠎ᠠ᠃ ᠲᠤᠰ ᠡᠳᠦᠷ ᠤᠨ ᠥᠷᠯᠥᠭᠡ᠂ ᠪᠣᠣ ᠭᠠᠩ ᠪᠠᠭᠰᠢ ᠰᠤᠷᠤᠭᠴᠢᠳ ᠲᠠᠢ ᠬᠠᠮᠲᠤ ᠪᠠᠷ ︽ᠪᠢ ᠡᠬᠡ ᠣᠷᠣᠨ ᠲᠠᠢ ᠪᠠᠨ︾ ᠭᠡᠬᠦ ᠭᠤᠣᠯ ᠰᠡᠳᠦᠪᠲᠦ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠵᠤ᠂ ᠳᠠᠷᠠᠭ᠎ᠠ ᠨᠢ  ᠬᠤᠶᠠᠳᠤᠭᠠᠷ ᠣᠨ ᠤ ᠭᠤᠷᠪᠠᠳᠤᠭᠠᠷ ᠠᠩᠬᠢ ᠶᠢᠨ ᠬᠢᠴᠢᠶᠡᠯ ᠤᠨ ᠭᠡᠷ ᠲᠤ ᠣᠷᠣᠵᠤ᠂ ᠰᠤᠷᠤᠭᠴᠢᠳ ᠲᠠᠢ ᠬᠠᠮᠲᠤ ᠠᠮᠢᠳᠤᠯᠢᠭ ᠰᠠᠶᠢᠬᠠᠨ ᠬᠡᠯᠡ ᠪᠢᠴᠢᠭ ᠤᠨ ᠬᠢᠴᠢᠶᠡᠯ ᠢ ᠰᠣᠨᠣᠰᠴᠠᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠰᠤᠳᠤᠯᠭᠠᠨ ᠤ ᠲᠥᠪ ᠲᠤ᠂ ᠪᠣᠣ ᠭᠠᠩ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃       ᠪᠣᠣ ᠭᠠᠩ ᠵᠢᠭᠠᠬᠤ ᠳᠠᠭᠠᠨ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠬᠤ᠂ ᠦᠨᠳᠦᠰᠦᠲᠡᠨ ᠤ ᠰᠣᠶᠤᠯ ᠤᠨ ᠲᠤᠬᠠᠢ ᠬᠠᠮᠳᠤ ᠶᠢᠨ ᠲᠠᠨᠢᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠯᠪᠡᠷᠢ ᠪᠣᠯᠤᠨ᠎ᠠ᠂ ᠪᠦᠬᠦ ᠬᠤᠳᠠ ᠶᠢᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠡᠨᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠤᠰ ᠤᠨ ᠲᠤᠭ ᠢ ᠬᠠᠮᠲᠤ ᠪᠠᠷ ᠮᠠᠨᠳᠤᠭᠤᠯᠬᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠬᠤ ᠪᠠᠷ ᠳᠠᠮᠵᠢᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠤᠯᠤᠰ ᠲᠦᠷᠦ ᠶᠢᠨ ᠢᠲᠡᠭᠡᠯ ᠪᠢᠰᠢᠷᠡᠯ ᠢ ᠴᠢᠨᠠᠭᠰᠢᠳᠠ ᠪᠠᠬᠢᠵᠢᠭᠦᠯᠵᠦ᠂ ᠤᠯᠤᠰ ᠤᠨ ᠲᠤᠬᠠᠢ ᠮᠡᠳᠡᠷᠡᠬᠦ ᠰᠡᠳᠬᠢᠯᠭᠡ ᠶᠢ ᠴᠢᠩᠭᠠᠳᠬᠠᠬᠤ ᠬᠡᠷᠡᠭᠲᠡᠢ ᠭᠡᠵᠡᠢ᠃       ᠪᠣᠣ ᠭᠠᠩ ᠴᠢᠬᠤᠯᠠᠴᠢᠯᠠᠬᠤ ᠳᠠᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠨ ᠬᠡᠷᠡᠭᠯᠡᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠢᠬᠤᠯᠠ ᠠᠷᠭ᠎ᠠ ᠵᠠᠮ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠡᠷᠡᠰ ᠭᠤᠶᠢᠪᠢᠰᠢ ᠦᠭᠡᠢ ᠪᠠᠷ ᠴᠢᠩᠭᠠᠳᠬᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠶᠢ ᠰᠤᠷᠭᠠᠭᠤᠯᠢ ᠡᠷᠭᠢᠯᠡᠬᠦ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠣᠯᠤᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠬᠥᠮᠦᠵᠢᠯ ᠢ ᠭᠦᠨᠵᠡᠭᠡᠶ ᠥᠷᠨᠢᠭᠦᠯᠵᠦ᠂ ᠬᠠᠷᠠᠬᠠᠨ ᠪᠠᠭ᠎ᠠ ᠠᠴᠠ ᠨᠢ ᠰᠤᠷᠤᠭᠴᠢᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠬᠥᠮᠦᠵᠢᠭᠦᠯᠵᠦ᠂ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠬᠤ ᠳᠡᠭᠡᠷ᠎ᠡ ᠨᠢᠭᠲᠠᠷᠠᠭᠤᠯᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠵᠢᠢ ᠶᠢᠩ᠂ ᠰᠢᠶᠤᠤ ᠹᠠᠩ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ