ᠪᠣᠣ ᠭᠠᠩ ᠵᠧᠩ ᠳ᠋ᠠ ᠪᠦᠯᠦᠭᠯᠡᠯ ᠤᠨ ᠪᠠᠢ ᠱᠠᠨ ᠯᠢᠨ ᠨᠡᠷ ᠲᠠᠢ ᠠᠭᠤᠯᠵᠠᠪᠠ  ᠾᠧ ᠬᠠᠢ ᠳ᠋ᠦᠩ  ᠴᠠᠩ ᠫᠧᠢ ᠵᠦᠩ ᠣᠷᠣᠯᠴᠠᠪᠠ
ᠨᠡᠶᠢᠲᠡᠯᠡᠭᠰᠡᠨ ᠴᠠᠭ᠄
2021/10/9
      ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠵᠧᠩ ᠳ᠋ᠡ ᠪᠦᠯᠦᠭᠯᠡᠯ ᠤᠨ ᠲᠠᠷᠢᠶᠠᠯᠠᠩ ᠮᠠᠯ ᠠᠵᠤ ᠠᠬᠤᠢ ᠶᠢᠨ ᠢᠳᠡᠭᠡᠨ ᠤ ᠠᠵᠤ ᠠᠬᠤᠶᠢᠯᠠᠯ ᠤᠨ ᠳᠤᠮᠳᠠᠳᠤ ᠤᠯᠤᠰ ᠤᠨ ᠲᠣᠭᠤᠷᠢᠭ ᠤᠨ ᠨᠡᠷ᠎ᠡ ᠬᠦᠨᠳᠦᠲᠦ ᠳᠡᠳ᠋ ᠬᠡᠷᠡᠭ ᠮᠡᠳᠡᠭᠴᠢᠳ ᠤᠨ ᠳᠠᠷᠤᠭ᠎ᠠ ᠪᠠᠢ ᠱᠠᠨ ᠯᠢᠨ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠪᠠ᠃      ᠪᠣᠣ ᠭᠠᠩ ᠡᠩ ᠲᠡᠷᠢᠭᠦᠨ ᠳᠤ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠪᠠᠢ ᠱᠠᠨ ᠯᠢᠨ ᠨᠡᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ ᠢᠯᠡᠬᠡᠨ ᠣᠷᠣᠨ ᠪᠠᠶᠢᠷᠢ ᠶᠢᠨ ᠳᠠᠪᠠᠭᠤᠯᠢᠭ ᠲᠠᠢ᠃ ᠣᠳᠣᠬᠠᠨ ᠳᠤ᠂ ᠪᠥᠬᠦ ᠬᠤᠲᠠ ᠪᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ‌ᠮᠣᠩᠭᠤᠯ ᠤᠨ ᠲᠤᠬᠠᠢ ᠳᠤᠷᠠᠳᠤᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠨᠢᠭᠡ ᠡᠭᠡᠯᠵᠢ ᠶᠢᠨ ᠠᠵᠤ ᠦᠢᠯᠡᠰ ᠤᠨ ᠬᠥᠭᠵᠢᠯᠲᠡ ᠶᠢ ᠭᠦᠨᠵᠡᠭᠡᠶ ᠲᠥᠯᠥᠪᠯᠡᠵᠦ ᠪᠠᠶᠢᠨ᠎ᠠ᠃ ᠰᠠᠶ᠋ᠢᠬᠠᠨ ᠥᠨᠳᠦᠷᠯᠡᠭᠰᠡᠨ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠶ ᠭᠡᠵᠦ ᠲᠣᠭᠲᠠᠭᠠᠵᠠᠶ᠃ ︽ᠦᠵᠡᠰᠬᠦᠯᠡᠩᠲᠦ ᠰᠠᠶᠢᠬᠠᠨ ᠬᠥᠬᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ᠂ ᠵᠧᠩ ᠳ᠋ᠡ ᠪᠦᠯᠦᠭᠯᠡᠯ ᠦᠷᠭᠦᠯᠵᠢᠯᠡᠨ ᠬᠥᠬᠡᠬᠤᠲᠠ ᠳᠠᠬᠢ ᠪᠡᠯᠡ ᠣᠷᠣᠭᠤᠯᠤᠯᠲᠠ ᠪᠠᠨ ᠥᠷᠭᠡᠳᠬᠡᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠢ ᠪᠦᠳᠦᠭᠡᠨ ᠪᠠᠶᠢᠭᠤᠯᠬᠤ ᠳᠤ ᠠᠷᠭ᠎ᠠ ᠪᠣᠳᠣᠯᠭ᠎ᠠ ᠭᠠᠷᠭᠠᠨ᠂ ᠠᠵᠤ ᠦᠢᠯᠡᠰ ᠤᠨ ᠬᠡᠯᠬᠢᠶ᠎ᠡ ᠪᠠᠨ ᠤᠯᠠᠮ ᠨᠢᠭᠡ ᠠᠯᠬᠤᠮ ᠤᠷᠲᠤᠳᠬᠠᠬᠤ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠶᠢ ᠲᠡᠮᠵᠢᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠠᠮᠲᠤᠪᠠᠷ ᠠᠰᠢᠭ ᠬᠦᠷᠲᠡᠨ᠎ᠡ ᠭᠡᠵᠡᠢ᠃      ᠪᠠᠢ ᠱᠠᠨ ᠯᠢᠨ ᠡᠩ ᠲᠡᠷᠢᠭᠦᠨ ᠳᠤ ᠬᠥᠬᠡᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠵᠧᠩ ᠳ᠋ᠠ ᠶᠢᠨ ᠲᠦᠷᠦᠯ ᠵᠦᠢᠯ ᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠲᠣ ᠦᠶ᠎ᠡ ᠶᠢᠨ ᠲᠠᠷᠢᠶᠠᠯᠠᠩ ᠨᠢ ᠡᠷᠬᠡᠪᠰᠢ ᠪᠠᠷᠢᠮᠵᠢᠶᠠᠵᠢᠭᠰᠠᠨ᠂ ᠲᠤᠰᠬᠠᠶᠢᠵᠢᠭᠰᠠᠨ᠂ ᠠᠵᠤ ᠦᠶᠢᠯᠡᠰᠵᠢᠭᠰᠡᠨ ᠪᠠ ᠬᠡᠪᠴᠢᠶᠡᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠᠷ ᠳᠠᠮᠵᠢᠭᠤᠯᠤᠨ᠂ ᠦᠢᠯᠡᠳᠬᠦᠨ ᠤ ᠶᠠᠰᠤ ᠴᠢᠨᠠᠷ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠬᠦ ᠶᠢᠨ ᠤᠯᠠᠮ ᠠᠴᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠵᠧᠩ ᠳ᠋ᠡ ᠪᠦᠯᠦᠭᠯᠡᠯ ᠳᠤᠷᠠᠲᠠᠶ᠎ᠠ ᠣᠳᠣᠬᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠲᠦᠷᠭᠡᠳᠬᠡᠵᠦ᠂ ᠬᠥᠬᠡᠬᠤᠲᠠ ᠳᠤ ᠪᠡᠯᠡ ᠣᠷᠣᠭᠤᠯᠬᠤ ᠲᠥᠯᠥᠪᠯᠡᠭᠡ ᠶᠢ ᠦᠷᠭᠦᠯᠵᠢᠯᠡᠨ ᠲᠥᠯᠥᠪᠵᠢᠭᠦᠯᠵᠦ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠠᠵᠤ ᠠᠬᠤᠶᠢᠯᠠᠯ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠡᡁᠧ ᠬᠠᠢ ᠳ᠋ᠦᠩ᠂ ᠴᠠᠩ ᠫᠸᠢ ᠵᠦᠩ᠂ ᠯᠢᠦ ᠵᠢᠢ ᠶᠢᠩ᠂ ᠰᠢᠤᠢ ᠱᠸᠤ ᠵᠢᠢ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ