ᠬᠤᠲᠠ ᠶᠢᠨ ᠳᠡᠳ᠋ ᠳᠠᠷᠤᠭ᠎ᠠ ᠵᠢᠶᠤᠤ ᠬᠤᠩ
ᠨᠡᠶᠢᠲᠡᠯᠡᠭᠰᠡᠨ ᠴᠠᠭ᠄
2021/11/10
W020221201341327342235.png
ᠠᠵᠢᠯ ᠤᠨ ᠬᠤᠪᠢᠶᠠᠷᠢᠯᠠᠯ      ᠬᠤᠲᠠ ᠶᠢᠨ ᠳᠠᠷᠤᠭ᠎ᠠ ᠳᠤ ᠬᠠᠮᠵᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠦᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡ ᠶᠢᠨ ᠪᠠᠲᠤᠯᠠᠭ᠎ᠠ᠂ ᠣᠷᠣᠨ ᠨᠤᠲᠤᠭ ᠤᠨ ᠣᠶᠢᠯᠠᠯᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠃      ᠬᠠᠷᠢᠯᠴᠠᠬᠤ᠄ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠠᠯᠪᠠᠲᠠᠨ ᠤ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠷᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠲᠠᠨᠢᠯᠴᠠᠭᠤᠯᠭ᠎ᠠ      ᠵᠢᠶᠣᠣ ᠬᠤᠩ᠂ ᠡᠮᠡᠭᠲᠡᠢ᠂ ᠬᠢᠲᠠᠳ ᠦᠨᠳᠦᠰᠦᠲᠡᠨ᠂ 1968 ᠣᠨ ᠤ 7 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠣᠢ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ