ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ
ᠨᠡᠶᠢᠲᠡᠯᠡᠭᠰᠡᠨ ᠴᠠᠭ᠄
2021/11/10
W020221201341556553716.png
ᠠᠵᠢᠯ ᠤᠨ ᠬᠤᠪᠢᠶᠠᠷᠢᠯᠠᠯ      ᠬᠤᠳᠠ ᠶᠢᠨ ᠳᠠᠷᠤᠭ᠎ᠠ ᠳᠤ ᠬᠠᠮᠵᠢᠨ ᠠᠷᠠᠳ ᠤᠨ ᠶᠠᠪᠤᠳᠠᠯ᠂ ᠠᠮᠢ ᠠᠬᠤᠢ ᠣᠷᠴᠢᠨ ᠲᠣᠭᠤᠷᠢᠨ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠦᠨᠳᠦᠰᠦᠲᠡᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠃      ᠬᠠᠷᠢᠯᠴᠠᠬᠤ᠄ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ᠂ ᠬᠤᠲᠠ ᠶᠢᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠲᠠᠨᠢᠯᠴᠠᠭᠤᠯᠭ᠎ᠠ      ᠮᠠ ᠪᠢᠩ ᠴᠢᠤᠸᠠᠨ᠂ ᠡᠷᠡᠭᠲᠡᠢ᠂ ᠬᠤᠲᠣᠩ ᠦᠨᠳᠦᠰᠦᠲᠡᠨ᠂ 1969 ᠣᠨ ᠤ 2 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠰᠤᠷᠭᠠᠨ ᠬᠥᠮᠦᠵᠢᠯ ᠤᠨ ᠤᠬᠠᠭᠠᠨ ᠤ ᠤᠶᠤᠲᠠᠨ ᠤ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠣᠢ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ