ᠬᠤᠷᠢᠨᠭᠡᠷ ᠰᠢᠶᠠᠨ ᠠᠴᠠ ᠬᠠᠨ ᠤᠯᠤᠰ ᠤᠨ 31 ᠣᠩᠭᠤᠨ ᠢ ᠢᠯᠡᠷᠡᠭᠦᠯᠪᠡ
ᠨᠡᠶᠢᠲᠡᠯᠡᠭᠰᠡᠨ ᠴᠠᠭ᠄
2021/11/11
helin.jpg
      ᠥᠪᠥᠷ ᠮᠣᠩᠭᠤᠯ ᠤᠨ ᠡᠳᠦᠷ ᠤᠨ ᠰᠣᠨᠢᠨ ᠤ ︵2021- 11-10︶ ᠮᠡᠳᠡᠭᠡ ︵ᠰᠤᠷᠪᠤᠯᠵᠢᠯᠠᠭᠴᠢ ᠨᠠᠮᠤᠭ︶ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠪᠠ ᠬᠠᠭᠤᠴᠢ ᠰᠤᠳᠤᠯᠤᠯ ᠤᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠬᠠᠭᠤᠴᠢ ᠰᠤᠳᠤᠯᠤᠭ᠍ᠴᠢᠳ ᠬᠤᠷᠢᠨᠭᠡᠷ ᠰᠢᠶᠠᠨ ᠠᠴᠠ ᠬᠠᠨ ᠤᠯᠤᠰ ᠤᠨ ᠦᠶ᠎ᠡ ᠶᠢᠨ 31ᠣᠩᠭᠤᠨ ᠢ ᠮᠠᠯᠲᠠᠨ ᠭᠠᠷᠭᠠᠵᠤ᠂ ᠣᠩᠭᠤᠨ ᠤ ᠬᠡᠯᠪᠡᠷᠢ ᠬᠢᠭᠡᠳ ᠮᠠᠯᠲᠠᠵᠤ ᠭᠠᠷᠭᠠᠭᠰᠠᠨ ᠸᠠᠭᠠᠷ ᠰᠠᠪᠠ᠂ ᠵᠣᠭᠤᠰ ᠮᠥᠩᠭᠦ ᠶᠢ ᠨᠢ ᠦᠨᠳᠦᠰᠦᠯᠡᠨ ᠡᠳᠡᠭᠡᠷ ᠣᠩᠭᠤᠨ ᠨᠢ ᠪᠠᠷᠠᠭᠤᠨ ᠬᠠᠨ ᠤᠯᠤᠰ ᠤᠨ ᠳᠤᠮᠳᠠ ᠦᠶ᠎ᠡ ᠠᠴᠠ ᠵᠡᠭᠦᠨ ᠬᠠᠨ ᠤᠯᠤᠰ ᠤᠨ ᠡᠬᠢᠨ ᠤ ᠦᠶ᠎ᠡ ᠬᠦᠷᠲᠡᠯᠡᠬᠢ ᠪᠠᠷᠤᠭ 200 ᠵᠢᠯ ᠤᠨ ᠬᠤᠭᠤᠴᠠᠭ᠎ᠠ ᠶᠢ ᠰᠤᠨᠳᠠᠯᠠᠵᠤ ᠪᠠᠶᠢᠨ᠎ᠠ ᠬᠡᠮᠡᠨ ᠮᠠᠭᠠᠳᠯᠠᠵᠤ ᠪᠤᠢ᠃      ᠮᠠᠯᠲᠠᠵᠤ ᠭᠠᠷᠭᠠᠭᠰᠠᠨ ᠬᠠᠨ ᠤᠯᠤᠰ ᠤᠨ ᠣᠩᠭᠤᠨ ᠨᠢ ᠬᠤᠷᠢᠨᠭᠡᠷ ᠰᠢᠶᠠᠨ ᠤ ᠪᠠᠭ᠎ᠠ ᠤᠯᠠᠭᠠᠨᠬᠠᠳᠠ ᠬᠤᠲᠠ ᠠᠴᠠ ᠪᠠᠷᠠᠭᠤᠨ ᠤᠮᠠᠷᠠᠰᠢ ᠪᠠᠷᠤᠭ 1 ᠺᠢᠯᠣᠮᠧᠲᠷ ᠵᠶᠢᠲᠠᠶ ᠭᠠᠵᠠᠷ ᠲᠤ ᠪᠠᠢᠳᠠᠭ᠃ ᠤᠩᠭᠤᠨ ᠠᠴᠠ ᠪᠠᠷᠠᠭᠤᠨᠰᠢ 2 ᠺᠢᠯᠣᠮᠧᠲᠷ ᠵᠶᠢᠲᠠᠢ ᠪᠠᠶᠢᠭ᠎ᠠ ᠮᠢᠩ ᠤᠯᠤᠰ ᠤᠨ ᠦᠶ᠎ᠡ ᠶᠢᠨ ᠶᠡᠭᠡ ᠤᠯᠠᠭᠠᠨᠬᠠᠳᠠ ᠶᠢᠨ ᠡᠷᠲᠡᠨ ᠤ ᠬᠤᠲᠠ ᠠᠴᠠ ᠬᠠᠨ ᠤᠯᠤᠰ ᠤᠨ ᠦᠶ᠎ᠡ ᠶᠢᠨ ᠮᠠᠰᠢ ᠣᠯᠠᠨ ᠦᠯᠡᠳᠡᠭᠳᠡᠯ ᠪᠣᠳᠠᠰ ᠢᠢᠯᠡᠷᠡᠭᠦᠯᠵᠦ᠂ ᠮᠠᠨ ᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠠᠴᠠ ᠮᠢᠩ ᠤᠯᠤᠰ ᠤᠨ ᠦᠶ᠎ᠡ ᠶᠢᠨ ᠶᠡᠭᠡ ᠤᠯᠠᠭᠠᠨᠬᠤᠲᠠ ᠶᠢᠨ ᠡᠷᠲᠡᠨ ᠤ ᠬᠤᠲᠠ ᠳᠣᠣᠷ᠎ᠠ ᠨᠢᠭᠡ ᠬᠠᠨ ᠤᠯᠤᠰ ᠤᠨ ᠬᠤᠲᠠ ᠳᠠᠷᠤᠭᠳᠠᠵᠤ ᠪᠠᠢᠬᠤ ᠮᠠᠭᠠᠳ ᠭᠡᠵᠦ ᠠᠩᠬ᠎ᠠ ᠠᠯᠬᠤᠮ ᠮᠠᠭᠠᠳᠯᠠᠪᠠ᠃      ᠲᠣᠰ ᠤᠳᠠᠭ᠎ᠠ ᠮᠠᠯᠲᠠᠵᠤ ᠭᠠᠷᠭᠠᠭᠰᠠᠨ ᠣᠩᠭᠤᠨ ᠤ ᠲᠠᠷᠬᠠᠯᠲᠠ ᠨᠢ ᠨᠢᠭᠲᠠ᠂ ᠬᠡᠯᠪᠡᠷᠢ ᠳᠦᠷᠰᠦ ᠨᠢ ᠣᠯᠠᠨ ᠶᠠᠩᠵᠤ ᠶᠢᠨ ᠪᠠᠶᠢᠵᠤ᠂ ᠰᠢᠷᠣᠢ ᠨᠦᠬᠡᠯᠡᠭᠰᠡᠨ ᠪᠣᠰᠤᠭ᠎ᠠ ᠣᠩᠭᠤᠨ᠂ ᠰᠢᠷᠣᠢ ᠶᠢᠨ ᠠᠭᠤᠶ ᠶᠢᠨ ᠣᠩᠭᠤᠨ᠂ ᠲᠣᠭᠤᠰᠬᠠᠨ ᠬᠠᠨ᠎ᠠ ᠶᠢᠨ ᠣᠩᠭᠤᠨ᠂ ᠲᠣᠭᠤᠰᠬᠠᠨ ᠥᠷᠥᠭᠡ ᠶᠢᠨ ᠣᠩᠭᠤᠨ ᠵᠡᠷᠭᠡ ᠨᠢ ᠴᠥᠮ ᠳᠤᠮᠳᠠ ᠵᠢᠵᠢᠭ ᠬᠡᠯᠪᠡᠷᠢ ᠶᠢᠨ ᠭᠠᠭᠴᠠ ᠥᠷᠥᠭᠡ ᠲᠠᠢ ᠣᠩᠭᠤᠨ ᠪᠣᠯᠣᠨ᠎ᠠ᠃ ᠮᠠᠯᠲᠠᠵᠤ ᠭᠠᠷᠭᠠᠭᠰᠠᠨ ᠳᠠᠭᠠᠯᠲᠠ ᠣᠷᠣᠰᠢᠭᠤᠯᠭ᠎ᠠ ᠶᠢᠨ ᠡᠳ᠋ᠯᠡᠯ ᠤᠨ ᠲᠥᠷᠥᠯ ᠵᠦᠢᠯ ᠳᠤ ᠸᠠᠭᠠᠷ ᠰᠠᠪᠠ᠂ ᠰᠢᠯ ᠪᠤᠳᠤᠭ ᠲᠠᠢ ᠸᠠᠭᠠᠷ ᠰᠠᠪᠠ᠂ ᠵᠡᠰ ᠰᠠᠪᠠ᠂ ᠲᠡᠮᠦᠷ ᠰᠠᠪᠠ᠂ ᠴᠢᠯᠠᠭᠤᠨ ᠰᠠᠪᠠ᠂ ᠮᠣᠳᠣᠨ ᠰᠠᠪᠠ᠂ ᠬᠢᠰᠤᠭᠠᠨ ᠬᠠᠪᠲᠠᠰᠤ ᠵᠡᠷᠭᠡ 200 ᠭᠠᠷᠤᠢ ᠵᠦᠢᠯ ᠪᠠᠶᠢᠨ᠎ᠠ᠃      ᠡᠨᠡ ᠤᠳᠠᠭᠠᠨ ᠤ ᠮᠠᠯᠲᠠᠵᠤ ᠭᠠᠷᠭᠠᠭᠰᠠᠨ ᠣᠩᠭᠤᠨ ᠢ ᠶᠡᠭᠡ ᠲᠥᠯᠥᠪ ᠭᠤᠷᠪᠠᠨ ᠱᠠᠲᠤ ᠬᠤᠪᠢᠶᠠᠵᠤ ᠪᠣᠯᠣᠨ᠎ᠠ᠄ ᠨᠢᠭᠡᠳᠦᠭᠡᠷ ᠱᠠᠲᠤ ᠨᠢ ᠪᠠᠷᠠᠭᠤᠨ ᠬᠠᠨ ᠤᠯᠤᠰ ᠤᠨ ᠳᠤᠮᠳᠠ ᠦᠶ᠎ᠡ ᠠᠴᠠ ᠪᠠᠷᠠᠭᠤᠨ ᠬᠠᠨ ᠤᠯᠤᠰ ᠤᠨ ᠰᠡᠭᠦᠯᠴᠢ ᠶᠢᠨ ᠦᠶ᠎ᠡ ᠬᠦᠷᠲᠡᠯᠡᠬᠢ ᠬᠤᠭᠤᠴᠠᠭ᠎ᠠ ᠪᠣᠯᠣᠨ᠎ᠠ᠃ ᠣᠩᠭᠤᠨ ᠤ ᠬᠡᠯᠪᠡᠷᠢ ᠶᠢᠨ ᠣᠯᠠᠩᠬᠢ ᠨᠢ ᠰᠢᠷᠣᠢ ᠶᠢᠨ ᠨᠦᠬᠡ ᠪᠠᠷ ᠪᠣᠰᠬᠠᠭᠰᠠᠨ ᠣᠩᠭᠤᠨ ᠪᠠᠶᠢᠵᠤ᠂ ᠰᠢᠷᠣᠢ ᠶᠢᠨ ᠠᠭᠤᠶ ᠶᠢᠨ ᠣᠩᠭᠤᠨ ᠪᠣᠯᠣᠨ᠎ᠠ᠂ ᠮᠠᠯᠲᠠᠵᠤ ᠭᠠᠷᠭᠠᠭᠰᠠᠨ ᠸᠠᠭᠠᠷ ᠳᠡᠪᠦᠷ᠎ᠡ ᠶᠢᠨ ᠴᠠᠭᠠᠷᠢᠭ ᠤᠨ ᠤᠨ ᠬᠥᠯ ᠨᠢ ᠨᠡᠯᠢᠶᠡᠳ ᠪᠤᠭᠤᠨᠢ᠂ ᠮᠠᠯᠲᠠᠵᠤ ᠭᠠᠷᠭᠠᠭᠰᠠᠨ ᠵᠣᠭᠤᠰ ᠨᠢ ᠴᠥᠮ ᠪᠠᠷᠠᠭᠤᠨ ᠬᠠᠨ ᠤᠯᠤᠰ ᠤᠨ ︽ᠲᠠᠪᠤᠨ ᠵᠤ᠋︾ ᠪᠣᠯᠣᠨ᠎ᠠ᠃ ᠬᠤᠶᠠᠳᠤᠭᠠᠷ ᠱᠠᠲᠤ ᠨᠢ ᠪᠠᠷᠠᠭᠤᠨ ᠬᠠᠨ ᠤᠯᠤᠰ ᠤᠨ ᠰᠡᠭᠦᠯᠴᠢ ᠠᠴᠠ ᠸᠠᠩ ᠮᠠᠩ ᠤᠨ ᠦᠶ᠎ᠡ ᠬᠦᠷᠲᠡᠯ᠎ᠡ ᠭᠤᠣᠯᠳᠠᠭᠤ ᠲᠣᠭᠤᠰᠬᠠᠨ ᠬᠠᠨ᠎ᠠ ᠶᠢᠨ ᠣᠩᠭᠤᠨ ᠪᠠᠶᠢᠵᠤ᠂ ᠮᠠᠯᠲᠠᠵᠤ ᠭᠠᠷᠭᠠᠭᠰᠠᠨ ᠸᠠᠭᠠᠷ ᠳᠡᠪᠦᠷ᠎ᠡ ᠶᠢᠨ ᠴᠠᠭᠠᠷᠢᠭ ᠤᠨ ᠬᠦᠯ ᠨᠢ ᠬᠠᠷᠢᠴᠠᠩᠭᠤᠢ ᠤᠷᠲᠤ ᠪᠤᠯᠵᠠᠢ᠃ ᠮᠠᠯᠲᠠᠵᠤ ᠭᠠᠷᠭᠠᠭᠰᠠᠨ ᠵᠣᠭᠤᠰ ᠨᠢ ᠴᠦ ᠪᠦᠷ ᠪᠠᠷᠠᠭᠤᠨ ᠬᠠᠨ ᠤᠯᠤᠰ ᠤᠨ ᠲᠠᠪᠤᠨ ᠵᠦ ᠪᠠᠶᠢᠵᠤ᠂ ᠭᠤᠷᠪᠠᠨ ᠨᠣᠶᠠᠨ ᠲᠠᠪᠤᠨ ᠵᠤ᠋ ᠨᠢ ᠣᠯᠠᠩᠬᠢ ᠲᠤᠭ᠎ᠠ ᠶᠢ ᠡᠵᠡᠯᠡᠨ᠎ᠡ᠃ ᠡᠨᠡ ᠱᠠᠲᠤᠨ ᠤ ᠣᠩᠭᠤᠨ ᠤ ᠲᠤᠭ᠎ᠠ ᠨᠢ ᠬᠠᠮᠤᠭ ᠣᠯᠠᠨ᠂ ᠰᠢᠷᠣᠢ ᠶᠢᠨ ᠠᠭᠤᠶ ᠶᠢᠨ ᠣᠩᠭᠤᠨ ᠠᠴᠠ ᠲᠣᠭᠤᠰᠬᠠᠨ ᠪᠠᠶᠢᠰᠢᠩ ᠳᠤ ᠣᠷᠣᠬᠤ ᠰᠢᠯᠵᠢᠯᠲᠡ ᠶᠢᠨ ᠱᠠᠲᠤ ᠪᠣᠯᠣᠨ᠎ᠠ᠃ ᠭᠤᠷᠪᠠᠳᠤᠭᠠᠷ ᠱᠠᠲᠤ ᠨᠢ ᠸᠠᠩ ᠮᠠᠩ ᠠᠴᠠ ᠵᠡᠭᠦᠨ ᠬᠠᠨ ᠤᠯᠤᠰ ᠤᠨ ᠡᠬᠢᠨ ᠤ ᠦᠶ᠎ᠡ ᠬᠦᠷᠲᠡᠯᠡᠬᠢ ᠬᠤᠭᠤᠴᠠᠭ᠎ᠠ ᠪᠣᠯᠣᠨ᠎ᠠ᠃ ᠡᠨᠡ ᠬᠦ ᠬᠤᠭᠤᠴᠠᠭᠠᠨ ᠳᠠᠬᠢ ᠣᠩᠭᠤᠨ ᠤ ᠲᠤᠭ᠎ᠠ ᠨᠢ ᠴᠥᠭᠡᠨ᠂ ᠬᠡᠪᠴᠢᠶ᠎ᠡ ᠨᠢ ᠪᠠᠭᠠᠰᠴᠤ᠂ ᠳᠠᠭᠠᠯᠲᠠ ᠣᠷᠣᠰᠢᠭᠤᠯᠭ᠎ᠠ ᠶᠢᠨ ᠲᠥᠷᠥᠯ ᠵᠦᠢᠯ ᠨᠢ ᠴᠥᠭᠡᠨ ᠪᠥᠭᠡᠳ ᠳᠥᠭᠦᠮ ᠪᠠᠶᠢᠵᠤ᠂ ᠮᠠᠯᠲᠠᠵᠤ ᠭᠠᠷᠭᠠᠭᠰᠠᠨ ᠵᠣᠭᠤᠰ ᠨᠢ ︽ᠳ᠋ᠠ ᠴᠢᠣᠸᠠᠨ ᠲᠠᠪᠢ︾ ᠪᠣᠯᠣᠨ᠎ᠠ᠃ ᠡᠨᠡ ᠨᠢ ᠲᠤᠬᠠᠢ ᠶᠢᠨ ᠦᠶ᠎ᠡ ᠶᠢᠨ ᠳᠠᠶᠢᠨ ᠳᠠᠵᠢᠨ ᠠᠴᠠ ᠪᠣᠯᠵᠤ ᠠᠷᠠᠳ ᠢᠷᠭᠡᠳ ᠠᠮᠢᠳᠤᠷᠠᠬᠤ ᠶᠢᠨ ᠠᠷᠭ᠎ᠠ ᠦᠭᠡᠢ ᠪᠣᠯᠣᠭᠰᠠᠨ ᠢ ᠬᠠᠷᠠᠭᠤᠯᠵᠤ ᠪᠣᠢ᠃      ᠡᠭᠦᠨ ᠠᠴᠠ ᠭᠠᠳᠠᠨ᠎ᠠ᠂ ᠲᠡᠭᠦᠨ ᠤ ᠳᠣᠲᠣᠷᠠᠬᠢ ᠨᠢᠭᠡ ᠪᠤᠯᠠᠰᠢᠨ ᠠᠴᠠ ᠣᠯᠳᠠᠭᠰᠠᠨ ᠨᠢᠭᠡ ᠬᠤᠣᠰ ᠬᠡᠪᠲᠡᠭᠡ ᠪᠠᠶᠢᠳᠠᠯ ᠢᠶᠠᠷ ᠣᠷᠣᠰᠢᠭᠤᠯᠤᠭᠰᠠᠨ ᠡᠷ᠎ᠡ ᠡᠮ᠎ᠡ  ᠬᠤᠶᠠᠭᠤᠯᠠ ᠶᠢᠨ ᠬᠡᠭᠦᠷ ᠨᠢ ᠬᠠᠷᠢᠴᠠᠩᠭᠤᠢ ᠰᠠᠶᠢᠨ ᠬᠠᠳᠠᠭᠠᠯᠠᠭᠳᠠᠵᠤ ᠴᠢᠳᠠᠭ᠎ᠠ ᠦᠭᠡᠢ ᠪᠠᠶᠢᠪᠠ᠃ ᠭᠡᠷ ᠤᠨ ᠡᠵᠡᠭᠲᠡᠢ ᠶᠢᠨ ᠨᠢᠷᠤᠭᠤᠨ ᠤ ᠬᠠᠪᠢ ᠪᠠᠷ ᠲᠥᠷᠪᠡᠨ ᠲᠤᠪᠤᠭᠤᠷ ᠳᠦᠷᠪᠡᠨ ᠡᠪᠡᠷ ᠦᠭᠡᠢ ᠯᠤᠤ ᠶᠢᠨ ᠬᠡ ᠲᠠᠢ ᠭᠠᠤᠯᠢᠨ ᠲᠤᠯᠢ ᠲᠠᠯᠪᠢᠭᠠᠰᠤᠲᠠᠢ᠃ ᠪᠤᠯᠠᠰᠢ ᠶᠢᠨ ᠡᠮᠦᠨ᠎ᠡ ᠲᠠᠯ᠎ᠠ ᠳᠤ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠬᠡᠳᠦᠨ ᠦᠨᠡᠰᠦᠨ ᠥᠩᠭᠡᠲᠦ ᠸᠠᠭᠠᠷ ᠰᠠᠪᠠ ᠲᠠᠯᠪᠢᠭᠳᠠᠨ᠂ ᠵᠠᠷᠢᠮ ᠸᠠᠭᠠᠷ ᠰᠠᠪᠠᠨ ᠳᠤ ᠲᠠᠷᠢᠶᠠᠨ ᠤ ᠦᠷ᠎ᠡ ᠪᠤᠢ᠃ ᠡᠳᠡᠭᠡᠷ ᠨᠢ ︽ᠦᠬᠦᠵᠦ ᠰᠡᠬᠡᠬᠦ ᠪᠠᠨ ᠬᠠᠮᠲᠤᠳᠬᠠᠭᠰᠠᠨ︾ ᠬᠠᠨ ᠤᠯᠤᠰ ᠤᠨ ᠦᠶ᠎ᠡ ᠶᠢᠨ ᠬᠥᠮᠦᠰ ᠲᠠᠷᠢᠶᠠᠯᠠᠬᠤ ᠪᠠ ᠠᠮᠢᠳᠤᠷᠠᠬᠤ ᠬᠦᠰᠡᠯ ᠡᠷᠡᠮᠡᠯᠵᠡᠯ ᠢᠶᠠᠨ ᠪᠤᠯᠠᠰᠢᠨ ᠳᠤ ᠠᠪᠴᠤ ᠤᠷᠤᠬᠤ ᠶᠢ ᠬᠦᠰᠡᠭᠰᠡᠨ ᠢ ᠬᠠᠷᠠᠭᠤᠯᠵᠤ ᠪᠣᠢ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠬᠠᠭᠤᠴᠢ ᠰᠤᠳᠤᠯᠤᠯ ᠤᠨ ᠰᠠᠯᠪᠤᠷᠢ ᠶᠢᠨ ᠪᠠᠭᠰᠢ ᠯᠢ ᠫᠧᠩ ᠵᠧᠨ ᠲᠠᠨᠢᠯᠴᠠᠭᠤᠯᠬᠤ ᠳᠠᠭᠠᠨ᠂ ᠸᠠᠭᠠᠷ ᠰᠠᠪᠠ ᠶᠢᠨ ᠬᠠᠮᠲᠤᠷᠠᠯ ᠪᠠ ᠰᠢᠯ ᠰᠠᠪᠠ ᠶᠢ ᠨᠡᠶᠢᠳᠡᠮ ᠬᠡᠷᠡᠭᠯᠡᠬᠦ ᠪᠣᠯ ᠪᠠᠭ᠎ᠠ ᠤᠯᠠᠭᠠᠨᠬᠤᠲᠠ ᠶᠢᠨ ᠬᠠᠨ ᠤᠯᠤᠰ ᠤᠨ ᠦᠶ᠎ᠡ ᠶᠢᠨ ᠣᠩᠭᠤᠨ ᠤ ᠬᠠᠮᠤᠭ ᠤᠨ ᠳᠣᠪᠣᠶᠢᠮ᠎ᠠ ᠣᠨᠴᠠᠯᠢᠭ ᠮᠥᠨ᠃ ᠬᠡᠳᠦᠶᠢᠪᠡᠷ ᠣᠯᠠᠩᠬᠢ ᠰᠢᠷᠲᠡᠮᠡᠯ ᠰᠠᠪᠠ ᠶᠢᠨ ᠮᠣᠳᠣᠨ ᠵᠢᠶᠠᠰᠠ ᠶᠢᠨ ᠢᠯᠵᠠᠷᠠᠯ ᠨᠢ ᠬᠥᠨᠳᠦ ᠨᠣᠴᠢᠲᠠᠢ ᠪᠣᠯᠪᠠᠴᠤ ᠮᠠᠯᠲᠠᠵᠤ ᠭᠠᠷᠭᠠᠬᠤ ᠶᠠᠪᠤᠴᠠ ᠳᠤ ᠮᠥᠨ ᠨᠢᠭᠡ ᠪᠦᠯᠦᠭ ᠬᠤᠪᠣᠷ ᠨᠠᠨᠳᠢᠨ ᠵᠢᠷᠤᠭ ᠳᠦᠷᠰᠦ ᠶᠢᠨ ᠮᠠᠲ᠋ᠧᠷᠢᠶᠠᠯ ᠦᠯᠡᠳᠡᠭᠡᠭᠰᠡᠨ ᠪᠠᠶᠢᠨ᠎ᠠ᠂ ᠪᠤᠯᠠᠰᠢᠨ ᠳᠣᠲᠣᠷ᠎ᠠ ᠠᠴᠠ ᠮᠠᠯᠲᠠᠵᠤ ᠭᠠᠷᠭᠠᠭᠰᠠᠨ ᠸᠠᠭᠠᠷ ᠰᠠᠪᠠ ᠶᠢᠨ ᠲᠤᠭ᠎ᠠ ᠨᠢ ᠨᠡᠯᠢᠶᠡᠳ ᠠᠷᠪᠢᠨ᠂ ᠲᠦᠷᠦᠯ ᠵᠦᠢᠯ ᠨᠢ ᠤᠯᠠᠨ᠂ ᠬᠠᠳᠠᠭᠠᠯᠠᠯᠲᠠ ᠨᠢ ᠨᠡᠯᠢᠶᠡᠳ ᠰᠠᠶᠢᠨ ᠪᠠᠶᠢᠵᠤ᠂ ᠲᠤᠬᠠᠢ ᠶᠢᠨ ᠦᠶ᠎ᠡ ᠶᠢᠨ ᠲᠤᠰ ᠭᠠᠵᠠᠷ ᠣᠷᠣᠨ ᠤ ᠪᠤᠯᠠᠰᠢᠨ ᠳᠠᠬᠢ ᠸᠠᠭᠠᠷ ᠰᠠᠪᠠ ᠶᠢᠨ ᠳᠠᠭᠠᠯᠲᠠ ᠣᠷᠣᠰᠢᠭᠤᠯᠭ᠎ᠠ ᠶᠢᠨ ᠪᠠᠶᠢᠳᠠᠯ ᠢ ᠭᠦᠢᠴᠡᠳ ᠬᠠᠷᠠᠭᠤᠯᠵᠠᠢ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ