2021ᠣᠨ ᠤ ᠶᠡᠭᠡ ᠳᠤᠮᠳᠠ ᠬᠤᠲᠠ ᠬᠠᠮᠲᠤᠷᠠᠨ ᠬᠥᠬᠡᠬᠤᠲᠠ ᠶᠢᠨ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠬᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠰᠬᠠᠶ ᠲᠠᠯᠠᠪᠤᠷ ᠤᠨ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2021/11/12
      ︵ᠰᠤᠷᠪᠤᠯᠵᠢᠯᠠᠭᠴᠢ ᠸᠠᠩ ᠵᠥᠩ ᠵᠧᠤ︶  ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠲᠤ ᠣᠯᠠᠨ ᠶᠠᠩᠵᠤ ᠶᠢᠨ ᠠᠵᠢᠯ  ᠣᠯᠬᠤ ᠲᠣᠬᠢᠶᠠᠯ ᠣᠯᠭᠤᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ ᠢ ᠬᠦᠴᠦᠯᠡᠨ ᠴᠢᠩᠭᠠᠳᠬᠠᠵᠤ᠂  ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠦᠯᠦᠭᠡ᠂ ᠲᠣᠰ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ  ᠦᠢᠯᠡᠴᠢᠯᠡᠭᠡᠨ ᠤ ᠲᠥᠪ ᠪᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠳᠠᠭᠠᠭᠠᠨ ᠡᠷᠭᠢᠯᠡᠭᠰᠡᠨ ︽2021 ᠣᠨ ᠤ ᠶᠡᠭᠡ ᠳᠤᠮᠳᠠ ᠬᠤᠲᠠ  ᠬᠠᠮᠲᠤᠷᠠᠨ ᠬᠥᠬᠡᠬᠤᠲᠠ ᠶᠢᠨ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠢ  ᠡᠯᠰᠡᠨ ᠬᠡᠷᠡᠭᠯᠡᠬᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ︾ ᠡᠬᠢᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢᠨ ᠦᠢᠯᠡᠴᠢᠯᠡᠬᠦ ᠡᠲᠡᠭᠡᠳ ᠪᠣᠯ 2022 ᠣᠨ ᠳᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ ᠤᠶᠤᠳᠠᠳ ᠵᠢᠴᠢ ᠥᠩᠭᠡᠷᠡᠭᠰᠡᠨ ᠬᠤᠭᠤᠴᠠᠭᠠᠨ ᠤ ᠠᠵᠢᠯ ᠣᠯᠤᠭᠠᠳᠤᠶ ᠲᠡᠭᠦᠰᠦᠭᠰᠡᠨ ᠤᠶᠤᠳᠠᠳ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠨ᠂ ᠪᠦᠬᠦᠨ ᠢᠶᠠᠷ ᠢᠶᠠᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠷᠭ᠎ᠠ ᠬᠡᠯᠪᠡᠷᠢ ᠶᠢ ᠠᠪᠴᠤ᠂ ᠥᠪᠥᠷ ᠮᠣᠩᠭᠤᠯ ᠤᠨ ᠴᠤᠸᠠᠩ ᠾᠧ ᠢ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠮᠡᠷᠭᠡᠵᠢᠯ ᠤᠨ ᠳᠡᠮᠵᠢᠯᠭᠡ ᠬᠠᠩᠭᠠᠪᠠ᠂ ᠠᠵᠢᠯᠯᠠᠭ᠎ᠠ ᠶᠢ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ᠂ ᠡᠭᠦᠯᠡᠨ  ᠳᠡᠭᠡᠷ᠎ᠡ ᠠᠵᠢᠯᠳᠠᠨ  ᠡᠯᠰᠡᠬᠦ ᠠᠵᠤ ᠠᠬᠤᠶᠢᠯᠠᠯ ᠶᠢ ᠣᠶᠢᠯᠠᠭᠠᠬᠤ᠂ ᠠᠵᠢᠯ ᠣᠯᠭᠤᠯᠲᠠ ᠶᠢᠨ ᠬᠢᠴᠢᠶᠡᠯ ᠤᠨ ᠲᠠᠩᠬᠢᠮ ᠤᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠭᠡᠬᠦ ᠭᠤᠷᠪᠠᠨ ᠶᠡᠭᠡ ᠬᠡᠰᠡᠭ ᠲᠤ  ᠬᠤᠪᠢᠶᠠᠪᠠ᠃ ᠡᠭᠦᠨ ᠳᠤ᠂ 11  ᠳ᠋ᠤᠭᠡᠷ ᠰᠠᠷ᠎ᠠ ᠶᠢᠨ 24 ᠤ ᠡᠳᠦᠷ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠪᠠ ᠠᠵᠢᠯ ᠣᠯᠭᠤᠯᠲᠠ ᠶᠢ ᠵᠢᠯᠣᠭᠤᠳᠬᠤ ᠰᠢᠭᠤᠳ ᠨᠡᠪᠲᠡᠷᠡᠭᠦᠯᠭᠡ ᠶᠢᠨ ᠬᠢᠴᠢᠶᠡᠯ ᠡᠷᠭᠢᠯᠡᠬᠦ ᠪᠣᠯᠤᠨ᠎ᠠ᠃ ᠥᠪᠥᠷ ᠮᠣᠩᠭᠤᠯ ᠤᠨ ᠴᠤᠸᠠᠩ ᠾᠧ ᠢ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠮᠡᠷᠭᠡᠵᠢᠯ ᠤᠨ ᠳᠡᠮᠵᠢᠯᠭᠡ ᠬᠠᠩᠭᠠᠵᠤ᠂  ᠣᠷᠤᠯᠴᠠᠬᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠄ https://jiuye.bigxia.cn/busslist.html ᠬᠠᠶ᠋ᠢᠭ ᠢᠶᠠᠷ ᠰᠦᠯᠵᠢᠶᠡᠨ ᠳᠤ ᠣᠷᠣᠵᠤ ᠪᠣᠯᠤᠨ᠎ᠠ᠃ ᠲᠤᠰ ᠤᠳᠠᠭᠠᠨ ᠤ  ᠠᠵᠢᠯᠲᠠᠨ ᠡᠯᠰᠡᠬᠦ ᠴᠤᠭᠯᠠᠭᠠᠨ 11 ᠳ᠋ᠤᠭᠡᠷ ᠰᠠᠷ᠎ᠠ ᠶᠢᠨ 24 ᠤ ᠡᠳᠦᠷ ᠳᠠᠭᠤᠰᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ