ᠼᠤᠤ ᠰᠧ ᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ | ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ | ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ︽ | ᠠᠮᠤ ᠪᠤᠳᠠᠭ᠎ᠠ ᠶᠢ ᠭᠠᠵᠠᠷ ᠰᠢᠷᠣᠶ ᠳᠤ ᠲᠦᠰᠢᠭᠯᠡᠵᠦ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ | ᠪᠡᠶᠡᠯᠡᠭᠦᠯᠬᠦ ᠶᠢᠨ ᠲᠥᠯᠥᠭᠡ ᠂ 11 ᠳ᠋ᠦ᠋ᠭᠡᠷ ᠰᠠᠷ᠎ᠠ ᠶᠢᠨ 14 ᠤ ᠡᠳᠦᠷ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠡᠨᠡ ᠡᠪᠦᠯ ᠢᠷᠡᠬᠦ ᠬᠠᠪᠤᠷ ᠤᠨ ︽ᠨᠢᠭᠡᠳᠦᠭᠰᠡᠨ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠲᠦᠮᠡᠳ ᠵᠡᠭᠦᠨ ᠬᠤᠰᠢᠭᠤᠨ ᠳᠤ | ᠶᠠᠪᠤᠭᠳᠠᠪᠠ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠡᠬᠢᠯᠡᠯᠲᠡ ᠶᠢᠨ ᠶᠣᠰᠣᠯᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ | ᠱᠦᠵᠢ ᠸᠧᠢ ᠬᠤᠩ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠼᠤᠤ ᠰᠧ ᠶᠠᠩ ᠶᠠᠷᠢᠶᠠᠨ ᠳᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠣᠯ ᠤᠯᠤᠰ ᠤᠨ | ᠠᠮᠤ ᠪᠤᠳᠠᠭᠠᠨ ᠤ ᠠᠶᠤᠯᠭᠦᠢ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠠᠷᠢᠶᠠᠯᠠᠩ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠬᠦᠴᠦᠲᠡᠶ ᠭᠠᠷᠳᠠᠴᠠ ᠮᠥᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠶᠢᠨ ᠲᠤᠯᠭᠠᠮ᠎ᠠ ᠬᠡᠷᠡᠭᠴᠡᠭᠡ ᠮᠥᠨ ᠪᠣᠯᠬᠤᠷ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ | ᠤᠢᠢᠷ᠎ᠠ ᠶᠢᠨ ᠵᠢᠯ ᠤᠨ ᠲᠤᠷᠰᠢ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠶᠤᠯᠭᠦᠢ ᠶᠢᠨ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ | ᠪᠦᠲᠦᠮᠵᠢ ᠣᠯᠵᠠᠢ᠃ 2019 ᠣᠨ ᠠᠴᠠ 2021 ᠣᠨ ᠳᠤ ᠦᠯᠡᠳᠡᠭᠰᠡᠨ 9.2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢᠨ ᠰᠡᠭᠦᠯ ᠬᠤᠷᠢᠶᠠᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠠ 2022 ᠣᠨ ᠤ 37 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠤᠷᠤᠭᠰᠢᠲᠠᠶ ᠡᠬᠢᠯᠡᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ | ᠬᠤᠲᠠ ᠶᠢᠨ ᠵᠠᠰᠠᠭ ᠤᠨ ᠣᠷᠳᠣᠨ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠨᠡ ᠡᠪᠦᠯ ᠢᠷᠡᠬᠦ ᠬᠠᠪᠤᠷ ᠤᠨ | ᠨᠢᠭᠡᠳᠦᠭᠰᠡᠨ ᠠᠵᠢᠯᠯᠠᠭ᠎ᠠ ᠶᠢ ᠥᠷᠨᠢᠭᠦᠯᠵᠦ᠂ ᠮᠠᠨ ᠤ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠰᠢᠨ᠎ᠡ | ᠠᠬᠢᠴᠠ ᠭᠠᠷᠭᠠᠵᠤ᠂ ᠰᠢᠨ᠎ᠡ ᠳᠡᠭᠲᠡᠷ ᠲᠤ ᠭᠠᠷᠬᠤ ᠶᠢ ᠬᠦᠴᠦᠲᠡᠶ ᠳᠥᠯᠭᠢᠨ ᠠᠬᠢᠭᠤᠯᠬᠤ ᠪᠠᠷ ᠲᠣᠭᠲᠠᠪᠠ ᠭᠡᠵᠡᠢ᠃ | ᠼᠤᠤ ᠰᠧ ᠶᠠᠩ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠠᠲᠤᠯᠠᠭ᠎ᠠ ᠪᠠᠨ ᠴᠢᠩᠭᠠᠳᠬᠠᠵᠤ᠂ ᠦᠷᠭᠦᠯᠵᠢᠯᠡᠨ | ᠪᠠᠶᠢᠭᠤᠯᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ︔ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠰᠢᠨ᠎ᠡ ᠪᠠᠷ ᠪᠠᠶᠢᠭᠤᠯᠬᠤ | ᠲᠦᠷᠦᠯ ᠵᠦᠢᠯ ᠤᠨ ᠲᠣᠭᠲᠠᠭᠰᠠᠨ ᠴᠠᠭ ᠲᠠᠭᠠᠨ ᠠᠵᠢᠯ ᠡᠬᠢᠯᠡᠬᠦ ᠶᠢ ᠪᠠᠲᠤᠯᠠᠬᠤ ᠬᠡᠷᠡᠭᠲᠡᠢ︔ ᠵᠣᠯᠭᠠᠭᠤᠯᠬᠤ ᠠᠵᠢᠯ ᠢ ᠰᠠᠶᠢᠲᠤᠷ ᠠᠳᠬᠤᠵᠤ᠂ ᠪᠦᠳᠦᠬᠡᠨ | ᠪᠠᠶᠢᠭᠤᠯᠬᠤ᠂ ᠰᠢᠯᠭᠠᠨ ᠠᠪᠬᠤ ᠶᠢ ᠵᠡᠷᠭᠡᠪᠡᠷ ᠠᠬᠢᠭᠤᠯᠬᠤ ᠬᠡᠷᠡᠭᠲᠡᠢ︔ ᠪᠠᠷᠢᠮᠵᠢᠶ᠎ᠠ ᠶᠢ ᠴᠢᠩᠳᠠᠯᠠᠵᠤ᠂ ᠪᠠᠷᠢᠯᠭ᠎ᠠ ᠶᠢᠨ ᠲᠦᠷᠦᠯ ᠵᠦᠢᠯ ᠤᠨ ᠶᠠᠰᠤ ᠴᠢᠨᠠᠷ ᠢ | ᠪᠠᠲᠤᠯᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠴᠢ ᠵᠣᠷᠢᠭ ᠢᠶᠠᠨ ᠬᠥᠪᠴᠢᠯᠡᠵᠦ᠂ ᠳᠠᠷᠤᠢ ᠲᠦᠷᠭᠡᠨ ᠬᠥᠳᠡᠯᠦᠯᠴᠡᠵᠦ᠂ ᠦᠨᠡᠨᠬᠦ | ᠠᠳᠬᠤᠨ ᠪᠣᠳᠠᠲᠠᠢ ᠠᠵᠢᠯᠯᠠᠵᠤ᠂ ᠪᠦᠬᠦ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ | ᠲᠦᠷᠭᠡᠨ ᠪᠤᠢ ᠪᠣᠯᠭᠠᠵᠤ᠂ ᠣᠷᠣᠨ ᠤ ᠲᠥᠪ ᠬᠤᠲᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ | ᠡᠭᠦᠳᠴᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠵᠡᠢ᠃ ︵ᠰᠦᠨ ᠶᠤᠸᠠᠢ ᠯᠦᠩ︶ |