ᠰᠤᠷᠭᠠᠭᠤᠯᠢ ᠶᠢᠨ ᠬᠦᠷᠢᠶᠡᠨ ᠳᠠᠬᠢ ᠣᠨᠴᠠᠯᠢᠭᠲᠤ ᠪᠡᠶ᠎ᠡ ᠶᠢᠨ ᠲᠠᠮᠢᠷ ᠤᠨ ᠬᠢᠴᠢᠶᠡᠯ
ᠨᠡᠶᠢᠲᠡᠯᠡᠭᠰᠡᠨ ᠴᠠᠭ᠄
2021/11/15
20211115-3.jpg
      ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠰᠤᠷ ᠬᠠᠷᠪᠤᠬᠤ᠂ ᠲᠣᠣᠷ ᠪᠥᠮᠪᠦᠭᠡ᠂ ᠵᠥᠭᠡᠯᠡᠨ ᠮᠠᠶ᠋ᠢᠭ ᠤᠨ ᠲᠠᠬᠢᠷ ᠰᠢᠳᠠᠮ ᠤᠨ ᠪᠥᠮᠪᠦᠭᠡ᠂ ᠬᠠᠭᠤᠷᠠᠢ ᠮᠥᠰᠥᠨ ᠳᠡᠪᠦᠷ᠎ᠡ᠂ ᠫᠢᠩᠫᠠᠩ ᠪᠥᠮᠪᠦᠭᠡ᠂ ᠥᠳᠥᠨ ᠪᠥᠮᠪᠦᠭᠡ᠂ ᠬᠦᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠤᠷᠠᠯᠢᠭ ᠪᠡᠶ᠎ᠡ ᠶᠢᠨ ᠲᠠᠮᠢᠷ᠂ ᠮᠤᠷᠢᠨ ᠮᠡᠷᠭᠡᠵᠢᠯ ᠵᠡᠷᠭᠡ 19 ᠲᠦᠷᠦᠯ ᠵᠦᠢᠯ ᠨᠢᠭᠡᠨᠲᠡ ᠮᠠᠨ ᠤ ᠣᠷᠣᠨ ᠤ 300 ᠭᠠᠷᠤᠢ ᠰᠤᠷᠭᠠᠭᠤᠯᠢ ᠳᠤ ᠲᠦᠭᠡᠮᠡᠯᠵᠢᠵᠦ᠂ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠳᠤ ᠣᠷᠣᠯᠴᠠᠭᠰᠠᠨ ᠬᠥᠮᠦᠨ ᠤ ᠲᠤᠭ᠎ᠠ 20 ᠭᠠᠷᠤᠢ ᠲᠦᠮᠡ ᠳᠤ ᠬᠦᠷᠴᠡᠢ᠃ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠨᠢ ︽ᠬᠤᠶᠠᠷ ᠢ ᠬᠥᠩᠭᠡᠷᠡᠭᠦᠯᠬᠦ︾ ᠠᠵᠢᠯ ᠢ ᠨᠠᠶᠢᠳᠠᠪᠤᠷᠢᠵᠢᠭᠤᠯᠬᠤ ᠪᠠ ᠥᠷᠨᠢᠭᠦᠯᠬᠦ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠪᠡᠶ᠎ᠡ ᠶᠢᠨ ᠲᠠᠮᠢᠷ ᠬᠢᠭᠡᠳ ᠰᠤᠷᠭᠠᠨ ᠬᠥᠮᠦᠵᠢᠯ ᠤᠨ ᠭᠦᠨᠵᠡᠭᠡᠶ ᠬᠠᠮᠲᠤᠷᠠᠯᠴᠠᠭ᠎ᠠ ᠨᠢ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠳᠤᠮᠳᠠᠬᠢ ᠪᠡᠶ᠎ᠡ ᠶᠢᠨ ᠲᠠᠮᠢᠷ ᠤᠨ ᠢᠳᠡᠪᠬᠢ ᠦᠢᠯᠡᠳᠦᠯ ᠢ ᠪᠠᠳᠠᠷᠠᠭᠤᠯᠪᠠ᠃ ᠵᠢᠷᠤᠭ ᠪᠣᠯ 11 ᠳ᠋ᠦ᠋ᠭᠡᠷ ᠰᠠᠷ᠎ᠠ ᠶᠢᠨ 12 ᠤᠨ ᠡᠳᠦᠷ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷ ᠬᠠᠷᠪᠤᠬᠤ ᠤᠨᠴᠠᠯᠢᠭᠳᠤ ᠪᠡᠶ᠎ᠡ ᠶᠢᠨ ᠲᠠᠮᠢᠷ ᠤᠨ ᠬᠢᠴᠢᠶᠡᠯ ᠣᠷᠣᠵᠤ ᠪᠠᠶᠢᠭ᠎ᠠ ᠨᠢ᠃ ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠸᠠᠩ ᠶᠠ ᠮᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ