︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠳ᠋ᠢ ᠴᠧᠨ ᠯᠦ︶ 2021 ᠣᠨ ᠳᠤ᠂ ᠥᠪᠡᠷᠲᠡᠭᠡᠨ ᠵᠠᠰᠠᠬᠤ ᠣᠷᠣᠨ ᠨᠢᠭᠡᠨᠲᠡ ᠵᠢᠷᠭᠤᠭᠠᠨ | ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠳᠠᠩᠰᠠᠯᠠᠬᠤ ᠠᠵᠢᠯ ᠢ ᠪᠡᠶᠡᠯᠡᠭᠦᠯᠵᠦ᠂ ᠪᠦᠬᠦ ᠣᠷᠣᠨ ᠤ | ᠨᠡᠶᠢᠳᠡ 831 ᠳᠤᠮᠳᠠ ᠪᠠᠭ᠎ᠠ ᠠᠵᠤ ᠠᠬᠤᠶᠢᠯᠠᠯ ᠢ ᠳᠠᠩᠰᠠᠯᠠᠨ ᠬᠥᠮᠥᠷᠭᠡ ᠳᠤ ᠣᠷᠣᠭᠤᠯᠪᠠ᠂ ᠡᠭᠦᠨ ᠳᠤ᠂ ᠮᠠᠨ ᠤ ᠬᠤᠳᠠ ᠶᠢᠨ 229 ᠳᠤᠮᠳᠠ ᠪᠠᠭ᠎ᠠ | ᠠᠵᠤ ᠠᠬᠤᠶᠢᠯᠠᠯ ᠳᠠᠩᠰᠠᠨ ᠳᠤ ᠣᠷᠣᠵᠤ᠂ ᠪᠦᠬᠦ ᠣᠷᠣᠨ ᠤ ᠳᠠᠩᠰᠠᠯᠠᠭᠤᠯᠤᠭᠰᠠᠨ ᠠᠵᠤ ᠠᠬᠤᠶᠢᠯᠠᠯ ᠤᠨ 27.6% ᠶᠢ ᠡᠵᠡᠯᠡᠵᠦ᠂ ᠪᠦᠬᠦ ᠣᠷᠣᠨ ᠤ ᠡᠯ᠎ᠡ | ᠠᠶᠢᠮᠠᠭ ᠬᠤᠳᠠ ᠳᠤ ᠨᠢᠭᠡᠳᠦᠭᠡᠷ ᠲᠤ ᠵᠢᠭᠰᠠᠭᠠᠭᠳᠠᠪᠠ᠃ | ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠠᠬᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ᠂ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠦᠬᠦ ᠬᠤᠲᠠ ᠶᠢᠨ ᠮᠡᠷᠭᠡᠵᠢᠯ ᠤᠨ ᠳᠠᠪᠰᠢᠯᠲᠠ ᠪᠠ ᠠᠵᠤ | ᠠᠬᠤᠶ ᠶᠢᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠬᠤ ᠶᠢᠨ ᠲᠥᠯᠥᠭᠡ᠂ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ ᠬᠠᠪᠰᠤᠷᠤᠨ ᠵᠢᠯᠣᠭᠤᠳᠬᠤ ᠪᠠᠨ ᠦᠷᠭᠦᠯᠵᠢᠯᠡᠨ | ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠳᠠᠩᠰᠠᠯᠠᠵᠤ ᠦᠨᠡᠯᠡᠬᠦ ᠠᠵᠢᠯ ᠢ ᠢᠳᠡᠪᠬᠢᠲᠡᠶ | ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠠᠮᠲᠤ ᠣᠯᠠᠨ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠲᠦᠯᠬᠢᠨ ᠠᠬᠢᠭᠤᠯᠬᠤ ᠪᠣᠯᠣᠨ᠎ᠠ᠃ |