ᠬᠥᠬᠡᠬᠤᠲᠠ ᠶᠢᠨ ᠠᠶᠠᠨᠴᠢᠨ ᠤ ᠮᠠᠰᠢᠨ ᠲᠡᠷᠭᠡᠨ ᠤ ᠥᠷᠲᠡᠭᠡ ᠡᠵᠡᠩᠨᠡᠯᠲᠡ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2021/11/17
      ᠬᠥᠬᠡᠬᠤᠲᠠ ᠶᠢᠨ ᠣᠷᠣᠶ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠠᠩ ᠶᠦᠩ ᠭᠠᠩ︶ ᠥᠴᠥᠭᠡᠳᠦᠷ᠂ ᠬᠥᠬᠡᠬᠤᠲᠠ ᠶᠢᠨ ᠣᠷᠣᠶ ᠶᠢᠨ ᠰᠣᠨᠢᠨ ᠤ ᠰᠤᠷᠪᠤᠯᠵᠢᠯᠠᠭᠴᠢ ᠬᠥᠬᠡᠬᠤᠲᠠ ᠶᠢᠨ ᠠᠶᠠᠨᠴᠢᠨ ᠤ ᠮᠠᠰᠢᠨ ᠲᠡᠷᠭᠡᠨ ᠤ ᠥᠷᠲᠡᠭᠡ ᠠᠴᠠ ᠣᠶᠢᠯᠠᠭᠠᠭᠰᠠᠨ ᠢᠶᠠᠷ᠂ ᠲᠡᠷᠭᠡᠨ ᠥᠷᠲᠡᠭᠡ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠡᠵᠡᠩᠨᠡᠯᠲᠡ ᠪᠠᠨ ᠰᠡᠷᠭᠦᠭᠡᠪᠡ᠃       ᠣᠶᠢᠯᠠᠭᠠᠭᠰᠠᠨ ᠢᠶᠠᠷ᠂ ᠡᠵᠡᠩᠨᠡᠯᠲᠡ ᠪᠠᠨ ᠰᠡᠷᠭᠦᠭᠡᠭᠰᠡᠨ ᠤ ᠳᠠᠷᠠᠭ᠎ᠠ᠂ ᠬᠥᠬᠡᠬᠤᠲᠠ ᠶᠢᠨ ᠠᠶᠠᠨᠴᠢᠨ ᠤ ᠮᠠᠰᠢᠨ ᠲᠡᠷᠭᠡᠨ ᠤ ᠥᠷᠲᠡᠭᠡ ᠨᠢ ᠲᠠᠯᠠᠪᠤᠷ ᠥᠷᠲᠡᠭᠡ ᠵᠢᠴᠢ ᠲᠡᠷᠭᠡ ᠬᠥᠰᠬᠡ ᠶᠢ ᠠᠷᠢᠭᠤᠳᠬᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠡᠷᠭᠡ ᠬᠦᠯᠢᠶᠡᠬᠦ ᠶᠡᠭᠡ ᠲᠢᠩᠬᠢᠮ ᠳᠤ ᠰᠠᠯᠬᠢ ᠨᠡᠪᠲᠡᠷᠡᠬᠦ ᠶᠢ ᠪᠠᠲᠤᠯᠠᠬᠤ ᠶᠢᠨ ᠬᠠᠮᠲᠤ ᠥᠷᠲᠡᠭᠡᠨ ᠳᠠᠬᠢ ᠲᠥᠬᠦᠭᠡᠷᠦᠮᠵᠢ ᠪᠠᠨ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠵᠤ᠂ ᠢᠯᠠᠩᠭᠤᠶ᠎ᠠ ᠬᠥᠮᠦᠰ ᠤᠨ ᠣᠯᠠᠨᠲᠠ ᠬᠦᠷᠦᠯᠴᠡᠬᠦ ᠭᠠᠵᠠᠷ ᠢ ᠠᠷᠢᠭᠤᠳᠬᠠᠬᠤ ᠤᠳᠠᠭ᠎ᠠ ᠪᠠᠨ ᠴᠢᠩᠭᠠᠳᠬᠠᠪᠠ᠃ ᠥᠷᠲᠡᠭᠡᠨ ᠤ ᠬᠥᠮᠦᠰ ᠢ ᠦᠨᠡᠨ ᠨᠡᠷ᠎ᠡ ᠪᠠᠷ ᠢᠶᠠᠨ ᠳᠠᠩᠰᠠᠯᠠᠭᠤᠯᠤᠨ ᠪᠡᠶ᠎ᠡ ᠶᠢᠨ ᠳᠤᠯᠠᠭᠠᠨ ᠢᠶᠠᠨ ᠬᠡᠮᠵᠢᠭᠦᠯᠵᠦ ᠠᠵᠢᠯ ᠤᠨ ᠪᠠᠶᠢᠷᠢ ᠳᠤ ᠪᠠᠨ ᠭᠠᠷᠴᠤ ᠪᠣᠢ᠃ ᠥᠷᠲᠡᠭᠡᠨ ᠳᠤ ᠣᠷᠣᠬᠤ ᠪᠣᠶ ᠪᠥᠬᠦᠶ ᠠᠶᠠᠨᠴᠢᠳ ᠡᠷᠬᠡᠪᠰᠢ ᠠᠮᠠᠪᠴᠢ ᠵᠡᠭᠦᠬᠦ ᠶᠢᠨ ᠬᠠᠮᠲᠤ ᠬᠤᠪᠢ ᠬᠥᠮᠦᠨ ᠤ ᠬᠦᠴᠦᠨ ᠲᠠᠢ ᠪᠡᠶ᠎ᠡ ᠶᠢᠨ ᠦᠨᠡᠮᠯᠡᠯ ᠢᠶᠠᠨ ᠠᠪᠴᠤ᠂ ᠬᠥᠬᠡᠬᠤᠲᠠ ᠶᠢᠨ ᠡᠮᠴᠢᠯᠡᠭᠡᠨ ᠤ ᠡᠷᠡᠭᠦᠯ ᠮᠡᠨᠳᠦ ᠶᠢᠨ ᠺᠤᠳ᠋ ᠪᠠ ᠬᠥᠬᠡᠬᠤᠲᠠ ᠶᠢᠨ ᠴᠠᠭᠳᠠᠭᠠᠨ ᠤ ᠺᠤᠳ᠋ ᠢ ᠰᠢᠷᠪᠢᠬᠦ ᠶᠢᠨ ᠬᠠᠮᠲᠤ ᠦᠨᠡᠨ ᠨᠡᠷ᠎ᠡ ᠪᠠᠷ ᠢᠶᠠᠨ ᠲᠡᠮᠳᠡᠭᠯᠡᠭᠦᠯᠵᠦ᠂ ᠪᠡᠶ᠎ᠡ ᠶᠢᠨ ᠳᠤᠯᠠᠭᠠᠨ ᠢᠶᠠᠨ ᠬᠡᠮᠵᠢᠬᠦᠯᠬᠦ ᠬᠡᠷᠡᠭᠲᠡᠢ᠃      ᠬᠢᠵᠢᠭ  ᠤᠨ ᠨᠥᠯᠥᠭᠡ ᠪᠠᠷ ᠠᠯᠠᠱᠠ ᠠᠶᠢᠮᠠᠭ᠂ ᠡᠷᠢᠶᠡᠨ ᠬᠤᠲᠠ᠂ ᠪᠡᠭᠡᠵᠢᠩ ᠵᠡᠷᠭᠡ ᠬᠢᠵᠢᠭ ᠤᠨ ᠪᠠᠶᠢᠳᠠᠯ ᠤᠨ ᠥᠨᠳᠥᠷ ᠳᠤᠮᠳᠠ ᠲᠦᠭᠰᠢᠭᠦᠷᠢ ᠲᠠᠢ ᠭᠠᠵᠠᠷ ᠣᠷᠣᠨ ᠳᠤ ᠶᠠᠪᠤᠬᠤ ᠲᠡᠷᠭᠡ ᠪᠠᠨ ᠦᠷᠭᠦᠯᠵᠢᠯᠡᠨ ᠵᠣᠭᠰᠣᠭᠠᠨ᠎ᠠ᠃ ᠭᠠᠳᠠᠭᠰᠢ ᠭᠠᠷᠬᠤ ᠱᠠᠭᠠᠷᠳᠠᠯᠭ᠎ᠠ ᠲᠠᠢ ᠪᠣᠯ ᠥᠷᠲᠡᠭᠡᠨ ᠤ ᠠᠰᠠᠭᠤᠨ ᠯᠠᠪᠯᠠᠬᠤ ᠤᠲᠠᠰᠤ ︵6965969︶  ᠪᠠᠷ ᠬᠤᠯᠪᠤᠭᠳᠠᠵᠤ ᠪᠣᠯᠤᠨ᠎ᠠ᠃ 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ