11 ᠳ᠋ᠤᠭᠡᠷ ᠰᠠᠷ᠎ᠠ ᠶᠢᠨ 20 ᠤ ᠡᠳᠦᠷ ᠠᠴᠠ ᠮᠠᠨ ᠤ ᠣᠷᠣᠨ ᠳᠤ ᠲᠡᠭᠷᠢ ᠬᠦᠢᠳᠡᠷᠡᠨ ᠴᠠᠰᠤ ᠣᠷᠤᠵᠤ ᠰᠠᠯᠬᠢᠯᠠᠨ᠎ᠠ
ᠨᠡᠶᠢᠲᠡᠯᠡᠭᠰᠡᠨ ᠴᠠᠭ᠄
2021/11/18
      ︵ᠰᠤᠷᠪᠤᠯᠵᠢᠯᠠᠭᠴᠢ ᠮᠢᠶᠣᠣ ᠴᠢᠩ︶ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠬᠤᠷᠢᠶ᠎ᠠ ᠬᠠᠮᠤᠭ ᠤᠨ ᠰᠢᠨ᠎ᠡ ᠮᠡᠳᠡᠭᠡ ᠨᠡᠶᠢᠲᠡᠯᠡᠵᠦ᠂ 11  ᠳ᠋ᠤᠭᠡᠷ ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ ᠦᠨᠳᠦᠷ ᠠᠭᠠᠷ ᠤᠨ ᠬᠦᠢᠳᠡᠨ ᠣᠶᠢᠯ ᠤᠨ ᠨᠥᠯᠥᠭᠡ ᠪᠠᠷ ᠮᠠᠨ ᠤ ᠣᠷᠣᠨ ᠳᠤ ᠠᠭᠠᠷ ᠤᠨ ᠳᠤᠯᠠᠭᠠᠨ ᠪᠠᠭᠤᠷᠠᠵᠤ ᠴᠠᠰᠤ  ᠣᠷᠤᠬᠤ ᠪᠦᠭᠡᠳ ᠶᠡᠭᠡ ᠰᠠᠯᠬᠢ ᠰᠠᠯᠬᠢᠯᠠᠬᠤ ᠪᠣᠶᠣ ᠡᠯᠡᠰᠦᠨ ᠰᠢᠭᠤᠷᠭ᠎ᠠ ᠳᠡᠭᠳᠡᠨ᠎ᠡ᠃      ᠣᠶᠢᠯᠠᠭᠠᠭᠰᠠᠨ ᠢᠶᠠᠷ᠂ 11  ᠳ᠋ᠤᠭᠡᠷ ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ᠂ ᠮᠠᠨ ᠤ ᠣᠷᠣᠨ ᠤ ᠳᠤᠮᠳᠠ ᠪᠠ ᠵᠡᠭᠦᠨ ᠪᠡᠶ᠎ᠡ ᠶᠢᠨ ᠶᠡᠬᠡᠩᠬᠢ ᠭᠠᠵᠠᠷ ᠣᠷᠣᠨ ᠳᠤ ᠪᠠᠭ᠎ᠠ ᠴᠠᠰᠤ ᠲᠠᠢ᠂ ᠳᠤᠮᠳᠠ  ᠪᠡᠶ᠎ᠡ  ᠶᠢᠨ ᠵᠡᠭᠦᠨ ᠬᠡᠰᠡᠭ᠂ ᠵᠡᠭᠦᠨ  ᠪᠡᠶ᠎ᠡ ᠶᠢᠨ ᠡᠮᠦᠨ᠎ᠡ ᠬᠡᠰᠡᠭ ᠪᠠ ᠵᠡᠭᠦᠨ ᠬᠡᠰᠡᠭ ᠤᠨ ᠭᠠᠵᠠᠷ ᠣᠷᠣᠨ ᠳᠤ ᠳᠤᠮᠳᠠ ᠠᠴᠠ ᠶᠡᠭᠡ ᠴᠠᠰᠤ ᠲᠠᠢ︔ ᠳᠤᠮᠳᠠ ᠪᠡᠶ᠎ᠡ ᠶᠢᠨ ᠪᠠᠷᠠᠭᠤᠨ ᠬᠡᠰᠡᠭ ᠤᠨ ᠭᠠᠵᠠᠷ ᠣᠷᠣᠨ ᠳᠤ ᠠᠭᠠᠷ ᠤᠨ ᠳᠤᠯᠠᠭᠠᠨ 6 ᠠᠴᠠ 8 ᠭᠷᠠᠳᠦ᠋ᠰ  ᠪᠠᠭᠤᠷᠠᠵᠤ᠂ ᠳᠤᠮᠳᠠ ᠪᠡᠶ᠎ᠡ ᠪᠠᠷᠠᠭᠤᠨ ᠪᠡᠶ᠎ᠡ ᠶᠢᠨ ᠶᠡᠬᠡᠩᠬᠢ ᠭᠠᠵᠠᠷ ᠣᠷᠣᠨ ᠪᠠ ᠵᠡᠭᠦᠨ ᠡᠮᠦᠨᠡᠲᠦ  ᠪᠡᠶ᠎ᠡ ᠶᠢᠨ ᠭᠠᠵᠠᠷ ᠣᠷᠣᠨ ᠳᠤ 6᠂ 7 ᠲᠠᠰ ᠤᠨ ᠶᠡᠭᠡ ᠰᠠᠯᠬᠢ ᠰᠠᠯᠬᠢᠯᠠᠵᠤ᠂ ᠪᠠᠷᠠᠭᠤᠨ  ᠪᠡᠶ᠎ᠡ ᠶᠢᠨ ᠬᠡᠰᠡᠭ ᠭᠠᠵᠠᠷ ᠣᠷᠣᠨ ᠳᠤ ᠡᠯᠡᠰᠦᠨ ᠰᠢᠭᠤᠷᠭ᠎ᠠ ᠳᠡᠭᠳᠡᠵᠦ ᠮᠡᠳᠡᠨ᠎ᠡ᠂ ᠳᠤᠮᠳᠠ  ᠪᠡᠶ᠎ᠡ ᠶᠢᠨ  ᠬᠤᠶᠢᠳᠤ ᠬᠡᠰᠡᠭ ᠪᠠ ᠵᠡᠭᠦᠨ ᠪᠡᠶ᠎ᠡ ᠶᠢᠨ ᠡᠮᠦᠨᠡᠲᠦ ᠬᠡᠰᠡᠭ ᠤᠨ ᠭᠠᠵᠠᠷ ᠣᠷᠣᠨ ᠳᠤ ᠳᠣᠭᠰᠢᠨ  ᠰᠢᠭᠤᠷᠭ᠎ᠠ ᠲᠡᠭᠳᠡᠵᠦ ᠮᠡᠳᠡᠨ᠎ᠡ᠃      11 ᠳ᠋ᠤᠭᠡᠷ ᠰᠠᠷ᠎ᠠ ᠶᠢᠨ 20 ᠤ ᠡᠳᠦᠷ ᠤᠨ 8 ᠴᠠᠭ ᠠᠴᠠ 23 ᠤ ᠡᠳᠦᠷ ᠤᠨ 20 ᠴᠠᠭ ᠪᠣᠯᠲᠠᠯ᠎ᠠ᠂ ᠮᠠᠨ ᠤ ᠣᠷᠣᠨ ᠤ ᠪᠠᠷᠠᠭᠤᠨ ᠪᠡᠶ᠎ᠡ ᠠᠴᠠ ᠵᠡᠭᠦᠨ ᠬᠤᠶᠢᠰᠢ᠂ ᠳᠤᠮᠳᠠ ᠪᠠ ᠵᠡᠭᠦᠨ ᠪᠡᠶ᠎ᠡ ᠶᠢᠨ ᠶᠡᠬᠡᠩᠬᠢ ᠭᠠᠵᠠᠷ ᠲᠤ ᠪᠠᠭ᠎ᠠ ᠴᠠᠰᠤ ᠣᠷᠣᠵᠤ᠂ ᠴᠠᠰᠤᠨ ᠤ ᠬᠡᠮᠵᠢᠶ᠎ᠡ 0.1~2.4 ᠮᠢᠯᠢᠮᠧᠲᠷ  ᠬᠦᠷᠦᠨ᠎ᠡ ︔ ᠤᠯᠠᠭᠠᠨᠴᠠᠪ ᠬᠤᠲᠠ ᠶᠢᠨ ᠵᠡᠭᠦᠨ ᠬᠡᠰᠡᠭ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠬᠡᠰᠡᠭ ᠪᠠ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠪᠠ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠪᠠᠷᠠᠭᠤᠨ ᠬᠡᠰᠡᠭ ᠪᠠ ᠡᠮᠦᠨ᠎ᠡ ᠬᠡᠰᠡᠭ᠂ ᠬᠥᠯᠥᠨ ᠪᠤᠶᠢᠷ ᠬᠤᠲᠠ ᠶᠢᠨ ᠳᠤᠮᠳᠠ ᠬᠡᠰᠡᠭ ᠪᠠ ᠵᠡᠭᠦᠨ ᠬᠡᠰᠡᠭ ᠲᠤ ᠳᠤᠮᠳᠠ ᠵᠡᠷᠭᠡ ᠶᠢᠨ ᠴᠠᠰᠤ  ᠤᠷᠤᠵᠤ᠂  ᠴᠠᠰᠤᠨ ᠤ ᠬᠡᠮᠵᠢᠶ᠎ᠡ 2.5 ~ 4.9 ᠮᠢᠯᠢᠮᠧᠲᠷ  ᠬᠦᠷᠦᠨ᠎ᠡ︔ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠳᠤᠮᠳᠠ ᠬᠡᠰᠡᠭ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ ᠂ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠲᠤ  ᠴᠠᠰᠤᠨ ᠤ ᠭᠡᠮᠵᠢᠶ᠎ᠡ 5.0 ~ 9.9 ᠮᠢᠯᠢᠮᠧᠲᠷ ᠬᠦᠷᠴᠦ᠂ ᠶᠡᠭᠡ ᠴᠠᠰᠤ ᠲᠠᠢ᠃ ᠭᠤᠣᠯ ᠴᠠᠰᠤ ᠣᠷᠣᠬᠤ ᠴᠠᠭ ᠨᠢ 11 ᠳ᠋ᠤᠭᠡᠷ ᠰᠠᠷ᠎ᠠ ᠶᠢᠨ 20 ᠤ ᠰᠥᠨᠢ ᠠᠴᠠ 21 ᠤ ᠡᠳᠦᠷ ᠪᠣᠯᠤᠨ᠎ᠠ᠃       11 ᠳ᠋ᠤᠭᠡᠷ ᠰᠠᠷ᠎ᠠ ᠶᠢᠨ 20 ᠤ ᠡᠳᠦᠷ ᠤᠨ 8 ᠴᠠᠭ ᠠᠴᠠ 22 ᠤᠨ ᠡᠳᠦᠷ ᠤᠨ 20 ᠴᠠᠭ ᠪᠣᠯᠲᠠᠯ᠎ᠠ᠂ ᠮᠠᠨ ᠤ ᠣᠷᠣᠨ ᠤ ᠪᠠᠷᠠᠭᠤᠨ ᠪᠡᠶ᠎ᠡ ᠶᠢᠨ ᠶᠡᠬᠡᠩᠬᠢ ᠬᠡᠰᠡᠭ᠂ ᠳᠤᠮᠳᠠ ᠪᠡᠶ᠎ᠡ ᠶᠢᠨ  ᠪᠠᠷᠠᠭᠤᠨ ᠪᠠ ᠡᠮᠦᠨ᠎ᠡ ᠬᠡᠰᠡᠭ᠂ ᠵᠡᠭᠦᠨ ᠡᠮᠦᠨᠡᠲᠦ ᠬᠡᠰᠡᠭ ᠤᠨ ᠪᠠᠷᠠᠭᠤᠨ ᠬᠡᠰᠡᠭ ᠤᠨ  ᠭᠠᠵᠠᠷ ᠣᠷᠣᠨ ᠤ ᠠᠭᠠᠷ ᠤᠨ ᠳᠤᠯᠠᠭᠠᠨ 6 ᠠᠴᠠ 8 ᠭᠷᠠᠳᠦ᠋ᠰ ᠪᠠᠭᠤᠷᠠᠵᠤ᠂ ᠪᠠᠷᠠᠭᠤᠨ ᠪᠡᠶ᠎ᠡ ᠶᠢᠨ ᠶᠡᠬᠡᠩᠬᠢ ᠬᠡᠰᠡᠭ᠂ ᠳᠤᠮᠳᠠ ᠪᠡᠶ᠎ᠡ ᠶᠢᠨ  ᠪᠠᠷᠠᠭᠤᠨ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ 8 ᠠᠴᠠ 10 ᠭᠷᠠᠳᠦ᠋ᠰ ᠠᠴᠠ ᠳᠡᠭᠡᠭᠰᠢ ᠪᠠᠭᠤᠷᠠᠵᠤ᠂  ᠬᠦᠢᠳᠡᠨ ᠤᠷᠤᠰᠬᠠᠯ ᠤᠨ ᠴᠠᠭ ᠠᠭᠤᠷ  ᠢᠯᠡᠷᠡᠨ᠎ᠡ᠃ 11 ᠳ᠋ᠤᠭᠡᠷ ᠰᠠᠷ᠎ᠠ ᠶᠢᠨ 20 ᠤ ᠡᠳᠦᠷ ᠤᠨ 8 ᠴᠠᠭ ᠠᠴᠠ 23 ᠤ ᠡᠳᠦᠷ ᠤᠨ 20 ᠴᠠᠭ ᠪᠣᠯᠲᠠᠯ᠎ᠠ᠂ ᠪᠥᠬᠦ ᠣᠷᠣᠨ ᠤ ᠶᠡᠬᠡᠩᠬᠢ ᠭᠠᠵᠠᠷ ᠲᠤ ᠪᠠᠷᠠᠭᠤᠨ ᠠᠴᠠ ᠵᠡᠭᠦᠨᠰᠢ ᠪᠠᠨ ᠪᠠᠷᠠᠭᠤᠨ  ᠬᠤᠶᠢᠨ᠎ᠠ ᠠᠴᠠ  6᠂ 7 ᠲᠠᠰ ᠤᠨ ᠰᠠᠯᠬᠢ ᠰᠠᠯᠬᠢᠯᠠᠵᠤ᠂ ᠳᠤᠮᠳᠠ ᠪᠠᠷᠠᠭᠤᠨ  ᠪᠡᠶ᠎ᠡ ᠶᠢᠨ  ᠬᠤᠶᠢᠳᠤ ᠬᠡᠰᠡᠭ᠂  ᠵᠡᠭᠦᠨ ᠪᠡᠶ᠎ᠡ ᠶᠢᠨ ᠵᠡᠭᠦᠨ ᠪᠠ ᠡᠮᠦᠨ᠎ᠡ ᠬᠡᠰᠡᠭ ᠤᠨ ᠭᠠᠵᠠᠷ  ᠣᠷᠤᠨ ᠳᠤ ᠪᠠᠷᠠᠭᠤᠨ ᠬᠤᠶᠢᠨ᠎ᠠ ᠠᠴᠠ 7᠂ 8 ᠲᠠᠰ ᠤᠨ ᠰᠠᠯᠬᠢ ᠰᠠᠯᠬᠢᠯᠠᠵᠤ᠂ ᠪᠠᠷᠠᠭᠤᠨ ᠪᠡᠶ᠎ᠡ ᠶᠢᠨ ᠬᠡᠰᠡᠭ ᠭᠠᠵᠠᠷ ᠣᠷᠣᠨ ᠳᠤ ᠡᠯᠡᠰᠦ ᠰᠢᠭᠤᠷᠭ᠎ᠠ ᠲᠡᠭᠳᠡᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ