ᠢᠦᠶ ᠴᠢᠤᠸᠠᠨ ᠲᠣᠭᠤᠷᠢᠭ ᠤᠨ ᠬᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠤᠷᠢᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/23
      11 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠢᠦᠶ ᠴᠢᠤᠸᠠᠨ ᠲᠣᠭᠤᠷᠢᠭ ᠤᠨ ᠬᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠤᠷᠢᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠢᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠨᠡᠷᠡᠨ ᠬᠤᠷᠠᠯ ᠢ ᠡᠷᠭᠢᠯᠡᠪᠡ᠃ ᠬᠤᠲᠠ ᠶᠢᠨ ᠲᠣᠭᠤᠷᠢᠭ ᠲᠤ ᠰᠠᠭᠤᠭ᠎ᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠯᠪᠠᠨ ᠬᠡᠷ ᠤᠨ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠬᠤᠶ ᠰᠧᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠨᠢᠭᠡ ᠪᠠᠯᠭᠠᠰᠤᠨ ᠤ ᠨᠠᠢᠮᠠᠨ ᠠᠯᠪᠠᠨ ᠬᠡᠷ᠂ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠨᠡᠶᠢᠲᠡ 58 ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢᠨ ᠬᠤᠲᠠ ᠪᠠᠶᠢᠭᠤᠯᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       ᠬᠤᠷᠠᠯ ᠠᠴᠠ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠯ ᠤᠨ ᠠᠩᠬᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠢᠢᠷ᠎ᠠ ᠶᠢᠨ ᠬᠤᠭᠤᠴᠠᠭᠠᠨ ᠤ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠪᠣᠯᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠲᠣᠭᠤᠷᠢᠭ ᠢ ᠡᠭᠦᠳᠦᠨ ᠪᠠᠶᠢᠭᠤᠯᠬᠤ ᠰᠦᠯᠵᠢᠶ᠎ᠡ ᠪᠠᠷ ᠳᠠᠩᠰᠠ ᠡᠪᠬᠡᠮᠡᠯ ᠢ ᠮᠡᠳᠡᠭᠦᠯᠬᠦ ᠠᠵᠢᠯ ᠤᠨ ᠮᠡᠳᠡᠭᠦᠯᠦᠨ ᠬᠦᠷᠭᠡᠭᠰᠡᠨ ᠪᠠᠶᠢᠳᠠᠯ ᠢ ᠨᠡᠶᠢᠲᠡᠯᠡᠵᠡᠢ᠃ 
1.jpg
      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠨᠢᠭᠡ ᠵᠦᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠩᠭᠤᠵᠢᠭᠤᠯᠬᠤ ᠠᠵᠢᠯ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠬᠤᠪᠢᠷᠠᠭᠤᠯᠵᠤ᠂ ᠡᠭᠦᠳᠦᠨ ᠪᠠᠶᠢᠭᠤᠯᠬᠤ ᠠᠵᠢᠯ ᠤᠨ ᠳᠤᠮᠳᠠ ᠲᠡᠩᠴᠡᠭᠦᠷᠢᠲᠡᠢ ᠬᠦᠴᠦᠯᠡᠵᠦ᠂ ᠬᠠᠯᠠᠭᠤᠨ ᠲᠠᠢ ᠪᠠᠶᠢᠵᠤ᠂ ᠬᠡᠪ ᠤᠨ ᠪᠠᠶᠢᠳᠠᠯ ᠢᠶᠠᠷ ᠠᠬᠢᠭᠤᠯᠵᠤ᠂ ᠬᠡᠯᠪᠡᠷᠢᠴᠢ ᠦᠵᠡᠯ ᠢ ᠡᠷᠡᠰ ᠬᠤᠷᠢᠭᠯᠠᠬᠤ ᠬᠡᠷᠡᠭᠲᠡᠢ︔ ᠬᠤᠲᠠ ᠪᠠᠶᠢᠭᠤᠯᠤᠭᠰᠠᠨ ᠲᠠᠩᠰᠠ ᠡᠪᠬᠡᠮᠡᠯ ᠢ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠢ ᠲᠤᠬᠠᠶ ᠶᠢᠨ ᠭᠠᠵᠠᠷ ᠲᠤᠨᠢ ᠬᠡᠮᠵᠢᠨ ᠲᠣᠭᠲᠠᠭᠠᠭᠰᠠᠨ ᠬᠤᠪᠢ ᠶᠢᠨ ᠥᠷᠲᠡᠭ ᠲᠠᠢ ᠠᠳᠠᠯᠢ ᠪᠠᠷ᠂ ᠡᠯ᠎ᠡ ᠬᠠᠷᠢᠭᠤᠴᠠᠯᠭᠠᠲᠤ ᠨᠢᠭᠡᠴᠡ ᠪᠠ ᠭᠠᠵᠠᠷ ᠣᠷᠣᠨ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠷᠢᠮᠵᠢᠶ᠎ᠠ ᠶᠢ ᠬᠠᠷᠭᠤᠭᠤᠯᠤᠨ ᠬᠦᠰᠦᠨᠦᠭᠲᠦ ᠶᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠵᠦ᠂ ᠬᠤᠲᠠ ᠪᠠᠶᠢᠭᠤᠯᠤᠭᠰᠠᠨ ᠲᠠᠩᠰᠠ ᠡᠪᠬᠡᠮᠡᠯ ᠤᠨ ᠠᠵᠢᠯ ᠳᠤ ᠬᠤᠪᠢ ᠠᠯᠳᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠯ ᠤᠨ ᠠᠩᠬᠢ ᠶᠢᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠰᠠᠶᠢᠲᠤᠷ ᠰᠤᠷᠤᠯᠴᠠᠵᠤ᠂ ᠨᠡᠶᠢᠭᠡᠮ ᠲᠣᠭᠤᠷᠢᠭ᠂ ᠬᠤᠷᠢᠶᠠᠯᠠᠯ ᠪᠣᠯ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠭᠤᠣᠯ ᠵᠢᠭᠰᠠᠭᠠᠯ ᠤᠨ ᠭᠠᠵᠠᠷ ᠪᠣᠯᠤᠨ᠎ᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠯᠭᠠᠨ ᠦᠨᠡᠯᠡᠬᠦ ᠪᠠᠷᠢᠮᠵᠢᠶ᠎ᠠ ᠪᠣᠯᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠬᠠᠷᠢᠴᠠᠭᠤᠯᠤᠯ ᠪᠣᠯᠭᠠᠵᠤ᠂ ᠶᠡᠭᠡ ᠬᠦᠴᠦ ᠣᠷᠣᠭᠤᠯᠵᠤ ᠪᠠᠶᠢᠭᠠᠳ ᠨᠡᠶᠢᠭᠡᠮ ᠲᠣᠭᠤᠷᠢᠭ ᠤᠨ ᠵᠠᠰᠠᠯᠲᠠ ᠪᠣᠯᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠪᠠᠷᠢᠮᠵᠢᠶ᠎ᠠ ᠳᠤ ᠴᠢᠭᠯᠡᠭᠦᠯᠦᠨ ᠥᠨᠳᠥᠷ ᠶᠠᠰᠤ ᠴᠢᠨᠠᠷ ᠲᠠᠢ ᠰᠦᠯᠵᠢᠶᠡᠨ ᠤ ᠲᠠᠩᠰᠠ ᠡᠪᠬᠡᠮᠡᠯ᠂ ᠵᠢᠷᠤᠭ ᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠰᠦᠯᠵᠢᠶᠡᠨ ᠤ ᠲᠠᠩᠰᠠ ᠡᠪᠬᠡᠮᠡᠯ ᠤᠨ ᠠᠵᠢᠯ ᠤᠨ ᠲᠠᠯ᠎ᠠ ᠪᠠᠷ ᠨᠢᠭᠡ ᠮᠥᠩᠭᠦ ᠴᠦ ᠠᠯᠳᠠᠬᠤ ᠥᠬᠡᠶ ᠪᠠᠶᠢᠬᠤ ᠬᠡᠷᠡᠭᠲᠡᠶ︔ ᠪᠠᠶᠢᠩᠭᠤ ᠶᠢᠨ ᠠᠵᠢᠯ ᠢ ᠪᠠᠲᠤᠯᠠᠵᠤ᠂ ᠬᠤᠳᠠ ᠪᠠᠶᠢᠭᠤᠯᠬᠤ ᠬᠠᠯᠠᠮᠰᠢᠯ ᠢ ᠪᠠᠲᠤᠯᠠᠵᠤ᠂ ᠡᠳᠦᠷ ᠳᠤᠳᠤᠮ ᠤᠨ ᠠᠵᠢᠯ ᠳᠤ ᠭᠦᠢᠴᠡᠳ ᠬᠦᠴᠦ ᠣᠷᠣᠭᠤᠯᠬᠤ ᠬᠡᠷᠡᠭᠲᠡᠢ︔ ᠲᠣᠭᠤᠷᠢᠭ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠯᠪᠠᠨ ᠬᠡᠷ ᠨᠢ ᠡᠳᠦᠷ ᠲᠤᠲᠤᠮ ᠤᠨ ᠰᠢᠮᠳᠠᠭᠤᠯᠤᠨ ᠵᠢᠯᠣᠭᠤᠳᠬᠤ ᠶᠢ ᠰᠠᠶᠢᠲᠤᠷ ᠠᠳᠬᠤᠵᠤ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠯᠭᠠᠨ ᠲᠣᠭᠲᠠᠭᠠᠬᠤ ᠰᠢᠰᠲ᠋ᠧᠮᠵᠢ ᠪᠣᠯᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠰᠠᠶᠢᠲᠤᠷ ᠣᠶᠢᠯᠠᠭᠠᠵᠤ᠂ ᠡᠯ᠎ᠡ ᠪᠠᠯᠭᠠᠰᠤ ᠶᠢᠨ ᠠᠯᠪᠠᠨ ᠬᠡᠷ᠂ ᠡᠯ᠎ᠡ ᠰᠠᠯᠠᠭ᠎ᠠ ᠮᠥᠴᠢᠷ ᠤᠨ ᠪᠥᠬᠦ ᠤᠯᠤᠰ ᠤᠨ ᠪᠣᠯᠪᠠᠰᠤᠨ ᠬᠤᠲᠠ ᠵᠢᠴᠢ ᠢᠦᠢ ᠴᠢᠤᠸᠠᠨ ᠲᠣᠭᠤᠷᠢᠭ ᠤᠨ ᠪᠣᠯᠪᠠᠰᠤᠨ ᠬᠤᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠬᠤ ᠬᠡᠷᠡᠭᠲᠡᠶ᠃ ︵ᠰᠤᠷᠪᠤᠯᠵᠢᠯᠠᠭᠴᠢ᠄ ᠼᠦᠢ ᠵᠢᠶᠦ᠋ᠨ ᠹᠧᠩ   ᠴᠢᠮᠡᠭᠡᠯᠡᠭᠴᠢ᠄ ᠸᠠᠩ ᠶᠤᠸᠠᠢ︶
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ