ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠥᠷᠭᠦᠯᠵᠢᠯᠡᠨ ᠴᠢᠷᠮᠠᠶᠢᠨ ᠰᠠᠶᠢᠵᠢᠷᠠᠭᠤᠯᠬᠤ ᠶᠢᠨ ᠲᠥᠯᠥᠭᠡ᠂ ︽ᠬᠥᠮᠦᠨ | ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠬᠥᠮᠦᠨ ᠪᠦᠬᠦᠨ ᠣᠷᠣᠨ ᠤ ᠲᠥᠪ ᠬᠤᠲᠠ ᠶᠢᠨ ᠳᠦᠷᠢ ᠲᠥᠷᠬᠦ ᠲᠠᠢ ᠬᠤᠯᠪᠣᠭᠳᠠᠬᠤ︾ | ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ︽ᠡᠩ ᠤᠨ ᠴᠠᠭ ᠲᠤ ᠭᠦᠢᠴᠡᠳᠭᠡᠬᠦ | ᠴᠢᠯᠥᠭᠡ ᠥᠬᠡᠶ᠂ ᠠᠮᠠᠷᠠᠬᠤ ᠴᠠᠭ ᠲᠤ ᠭᠦᠢᠴᠡᠳᠭᠡᠬᠦ ᠭᠠᠵᠠᠷ ᠥᠬᠡᠶ︾ ᠪᠠᠶᠢᠬᠤ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ | ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠶᠢᠨ ᠲᠦᠯᠦᠭᠡ᠂ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 11 ᠳ᠋ᠤᠭᠡᠷ ᠰᠠᠷ᠎ᠠ ᠶᠢᠨ 20 ᠤ ᠡᠳᠦᠷ ᠠᠴᠠ ᠡᠬᠢᠯᠡᠨ | ᠭᠠᠷᠠᠭ ᠤᠨ ᠵᠢᠷᠭᠤᠭᠠᠨ ᠭᠠᠷᠠᠭ ᠤᠨ ᠡᠳᠦᠷ ᠤᠨ ᠠᠮᠠᠷᠠᠯᠲᠠ ᠶᠢᠨ ᠴᠠᠭ ᠲᠤ ᠴᠤ ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠬᠦ ᠪᠠᠷ ᠲᠣᠭᠲᠠᠪᠠ᠃ | ᠣᠶᠢᠯᠠᠭᠠᠭᠰᠠᠨ ᠢᠶᠠᠷ᠂ ᠭᠠᠷᠠᠭ ᠤᠨ ᠵᠢᠷᠭᠤᠭᠠᠨ ᠤ ᠡᠳᠦᠷ ᠤᠨ ᠦᠢᠯᠡᠴᠢᠯᠡᠭᠡᠨ ᠤ ᠵᠦᠢᠯᠡᠰ ᠨᠡᠶᠢᠲᠡ 133 ᠵᠦᠢᠯ ᠪᠣᠶ᠂ ᠡᠭᠦᠨ ᠳᠤ ᠬᠢᠯᠢ ᠪᠠᠷ | ᠣᠷᠣᠵᠤ ᠭᠠᠷᠬᠤ ᠲᠤᠬᠠᠶᠢᠯᠠᠭᠰᠠᠨ ᠠᠵᠢᠯ᠂ ᠵᠢᠯᠣᠭᠤᠴᠢ ᠶᠢᠨ ᠦᠨᠡᠮᠯᠡᠯ ᠢ ᠬᠢᠨᠠᠨ ᠰᠢᠯᠭᠠᠬᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ | ᠠᠪᠬᠤ᠂ ᠵᠡᠷᠭᠡ ᠳᠡᠰ ᠲᠠᠢ ᠲᠠᠮᠢᠷᠴᠢᠨ ᠳᠤ ᠴᠣᠯᠠ ᠣᠯᠭᠤᠬᠤ ᠵᠡᠷᠭᠡ ᠪᠠᠭᠲᠠᠨ᠎ᠠ᠃ ᠬᠦᠢᠴᠡᠳᠭᠡᠬᠦ ᠭᠠᠵᠠᠷ ᠤᠨ ᠬᠠᠶ᠋ᠢᠭ ᠨᠢ ᠬᠤᠲᠠ ᠶᠢᠨ ᠲᠡᠰ ᠤᠨ | ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠡᠰᠡᠭ ᠴᠣᠩᠬᠤ ᠪᠣᠯᠤᠨ᠎ᠠ᠂ ᠡᠭᠦᠨ ᠳᠤ ᠬᠤᠲᠠ ᠶᠢᠨ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ᠂ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠲᠥᠪ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠴᠣᠩᠬᠤ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠭᠢᠮ ᠳᠠᠬᠢ | ᠦᠢᠯᠡᠴᠢᠯᠡᠭᠡᠨ ᠤ ᠴᠣᠩᠬᠤ᠃ ᠦᠢᠯᠡᠴᠢᠯᠡᠬᠦ ᠴᠠᠭ ᠨᠢ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠡᠳᠦᠷ ᠠᠴᠠ ᠭᠠᠳᠠᠨ᠎ᠠ︶ ᠤᠨ ᠦᠳᠡ ᠶᠢᠨ ᠡᠮᠦᠨᠡᠬᠢ 9᠄ 30 — 12᠄ 00᠂ ᠦᠳᠡ ᠶᠢᠨ ᠬᠤᠶᠢᠨᠠᠬᠢ 14᠄ 00 — 16᠄ 00 ᠪᠣᠯᠤᠨ᠎ᠠ᠃ |