︵ᠰᠤᠷᠪᠤᠯᠵᠢᠯᠠᠭᠴᠢ ᠯᠢᠦ ᠯᠢ ᠰᠢᠶᠠ︶ ᠡᠯ᠎ᠡ ᠬᠤᠰᠢᠭᠤ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠦᠲᠦᠮᠵᠢᠲᠡᠶ ᠲᠦᠯᠬᠢᠨ ᠠᠬᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠮᠠᠨ ᠤ ᠬᠤᠲᠠ ᠶᠢᠨ | ᠡᠯ᠎ᠡ ᠬᠤᠰᠢᠭᠤ ᠰᠢᠶᠠᠨ ᠲᠣᠭᠤᠷᠢᠭ ᠵᠢᠴᠢ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠶ ᠬᠥᠳᠡᠯᠦᠯᠴᠡᠵᠦ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ | ᠰᠠᠶᠢᠵᠢᠷᠠᠭᠤᠯᠬᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ ᠵᠠᠰᠠᠬᠤ ᠠᠵᠢᠯ ᠢ ᠳᠥᠯᠭᠢᠨ ᠠᠬᠢᠭᠤᠯᠬᠤ ᠵᠡᠷᠭᠡ ᠠᠵᠢᠯ ᠤᠨ | ᠡᠭᠦᠷᠭᠡ ᠶᠢᠨ ᠲᠣᠭᠤᠷᠢᠨ ᠳᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠡᠷᠬᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠵᠦ᠂ | ᠮᠠᠨ ᠤ ᠬᠤᠲᠠ ᠶᠢᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠪᠠ᠃ ᠣᠶᠢᠷ᠎ᠠ ᠳᠤ | ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ | ᠪᠠᠶᠢᠭᠤᠯᠵᠤ᠂ ᠲᠦᠮᠡᠳ ᠵᠡᠭᠦᠨ ᠬᠤᠰᠢᠭᠤ᠂ ᠦᠴᠤᠸᠠᠨ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ᠂ ᠴᠢᠩ ᠱᠦᠶ ᠾᠧ ᠰᠢᠶᠠᠨ ᠳᠤ ᠭᠦᠨᠵᠡᠭᠡᠶᠢᠷᠡᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠯ᠎ᠡ ᠵᠦᠢᠯ ᠤᠨ ᠠᠵᠢᠯ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ | ᠵᠠᠰᠠᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠪᠠ᠃ | ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠬᠤᠰᠢᠭᠤ ᠰᠢᠶᠠᠨ ᠤ ᠭᠤᠣᠯ ᠳᠡᠳ᠋ ᠵᠠᠮ᠂ ᠠᠮᠢᠳᠤᠷᠠᠯ ᠤᠨ ᠬᠤᠭ | ᠨᠣᠪᠰᠢ ᠶᠢ ᠬᠤᠣᠷ ᠦᠭᠡᠶᠢᠳᠡᠭᠦᠯᠦᠨ ᠪᠤᠯᠠᠵᠤ ᠰᠢᠢᠳᠪᠦᠷᠢᠯᠡᠬᠦ ᠦᠢᠯᠡᠳᠪᠦᠷᠢ᠂ ᠵᠡᠭᠡᠯᠢ ᠭᠤᠳᠤᠮᠵᠢ ᠶᠢᠨ ᠠᠷᠤ ᠵᠠᠮ ᠳᠤ ᠭᠦᠨᠵᠡᠭᠡᠶᠢᠷᠡᠵᠦ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠠᠮ ᠴᠡᠪᠡᠷᠯᠡᠭᠰᠡᠨ᠂ ᠬᠤᠭ ᠨᠣᠪᠰᠢ ᠶᠢ ᠴᠡᠪᠡᠷᠯᠡᠭᠰᠡᠨ᠂ | ᠪᠣᠬᠢᠷ ᠤᠰᠤ ᠶᠢ ᠵᠠᠰᠠᠭᠰᠠᠨ᠂ ᠪᠠᠭ᠎ᠠ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ᠂ ᠬᠤᠭ ᠤᠨ ᠰᠠᠪᠠ ᠬᠠᠶᠢᠷᠴᠠᠭ ᠢ | ᠴᠡᠪᠡᠷᠯᠡᠵᠦ ᠵᠦᠯᠭᠦᠭᠰᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ᠂ ᠬᠤᠭ | ᠨᠣᠪᠰᠢ ᠶᠢ ᠲᠦᠷᠦᠯ ᠬᠤᠪᠢᠶᠠᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠬᠡᠰᠡᠭ ᠰᠢᠶᠠᠩ ᠪᠠᠯᠭᠠᠰᠤ᠂ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ᠂ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ᠂ ᠵᠠᠮ ᠢ ᠱᠦᠭᠦᠷᠳᠡᠵᠦ | ᠴᠡᠪᠡᠷᠯᠡᠭᠰᠡᠨ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠴᠠᠢ᠃ ᠪᠠᠶᠢᠴᠠᠭᠠᠯᠲᠠ ᠳᠤᠮᠳᠠ᠂ ᠠᠮᠢᠳᠤᠷᠠᠯ ᠤᠨ ᠬᠤᠭ ᠨᠣᠪᠰᠢ ᠶᠢ | ᠬᠤᠤᠷ ᠦᠭᠡᠶᠢᠳᠡᠭᠦᠯᠦᠨ ᠪᠤᠯᠠᠵᠤ ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢᠨ ᠪᠠᠶᠢᠳᠠᠯ ᠵᠢᠴᠢ ᠲᠡᠭᠦᠨ ᠤ ᠡᠮᠦᠨᠡᠬᠢ ᠬᠤᠭᠤᠴᠠᠭᠠᠨ ᠳᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠣᠷᠪᠣᠰ ᠳᠠᠷᠠᠭᠠᠯᠠᠨ ᠪᠠᠷᠢᠮᠵᠢᠶ᠎ᠠ ᠳᠤ ᠬᠠᠷᠢᠴᠠᠭᠤᠯᠤᠨ | ᠪᠠᠶᠢᠴᠠᠭᠠᠭᠰᠠᠨ ᠪᠥᠭᠡᠳ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠲᠡᠷᠭᠡ ᠵᠢᠴᠢ ᠡᠪᠦᠯ ᠤᠨ ᠤᠯᠠᠷᠢᠯ ᠤᠨ ᠴᠠᠰᠤ ᠠᠷᠢᠯᠭᠠᠬᠤ | ᠮᠥᠰᠥ ᠠᠷᠢᠯᠭᠠᠬᠤ ᠮᠠᠰᠢᠨ ᠪᠠᠭᠠᠵᠢ ᠶᠢ ᠠᠷᠠᠴᠢᠯᠠᠨ ᠬᠠᠮᠠᠭᠠᠯᠠᠵᠤ ᠪᠠᠶᠢᠭ᠎ᠠ ᠪᠠᠶᠢᠳᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ ᠤ | ᠴᠠᠯᠢᠩ ᠬᠥᠯᠥᠰᠦ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠡᠭᠦᠨ ᠠᠴᠠ ᠭᠠᠳᠠᠨ᠎ᠠ᠂ ᠣᠳᠣᠬᠢ ᠱᠠᠲᠤᠨ ᠤ ᠵᠠᠮ | ᠴᠡᠪᠡᠷᠯᠡᠬᠦ ᠠᠵᠢᠯ ᠤᠨ ᠮᠠᠰᠢᠨᠴᠢᠯᠠᠭᠰᠠᠨ ᠨᠣᠷᠮ᠎ᠠ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠭᠰᠡᠨ | ᠪᠠᠶᠢᠳᠠᠯ᠂ ᠳᠣᠷᠣᠭᠰᠢ ᠪᠠᠭᠤᠯᠭᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠤᠰᠬᠠᠶ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ᠂ ᠡᠯ᠎ᠡ ᠲᠥᠷᠥᠯ ᠤᠨ | ᠲᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠦᠭᠰᠡᠨ ᠪᠠᠶᠢᠳᠠᠯ ᠵᠢᠴᠢ ᠬᠠᠮᠢᠶ᠎ᠠ ᠪᠥᠬᠦᠶ ᠵᠦᠢᠯᠡᠰ ᠤᠨ ᠲᠤᠬᠠᠶ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ | ᠪᠥᠭᠡᠳ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ᠂ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠪᠠ᠃ | ᠬᠤᠶᠢᠰᠢᠳᠠ᠂ ᠮᠠᠨ ᠤ ᠬᠤᠲᠠ ᠪᠠᠰᠠ ᠦᠷᠭᠦᠯᠵᠢᠯᠡᠨ ᠰᠢᠮᠳᠠᠭᠤᠯᠤᠨ ᠪᠠᠶᠢᠴᠠᠭᠠᠵᠤ᠂ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠳᠤ | ᠨᠢᠭᠡ ᠠᠴᠠ ᠨᠥᠬᠦᠭᠡ ᠶᠢ ᠵᠦᠢᠴᠢᠯᠡᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠵᠤ᠂ ᠣᠯᠠᠨ ᠲᠦᠮᠡᠨ ᠤ | ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃ |