ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠣᠯᠪᠠᠰᠤᠷᠠᠭᠤᠯᠤᠯ ᠵᠢᠴᠢ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2021/11/23
      ᠣᠶᠢᠷ᠎ᠠ ᠳᠤ᠂ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠪᠣᠯᠤᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠲᠤᠷᠠᠨ ᠵᠣᠬᠢᠶᠠᠨ ᠪᠠᠶᠢᠭᠤᠯᠤᠭᠰᠠᠨ ︽ᠬᠡᠦᠬᠡᠳ ᠨᠢ ᠭᠡᠷ ᠤᠨ ᠠᠬᠠᠮᠠᠳ ᠢᠶᠠᠨ ᠳᠠᠭᠠᠭᠤᠯᠬᠤ︾ ᠠᠵᠢᠯᠯᠠᠭ᠎ᠠ — ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠣᠯᠪᠠᠰᠤᠷᠠᠭᠤᠯᠤᠯ ᠵᠢᠴᠢ ᠡᠬᠢᠯᠡᠯᠲᠡ ᠶᠢᠨ ᠶᠣᠰᠣᠯᠠᠯ ᠴᠡᠯᠡᠭᠡᠷ ᠲᠠᠯ᠎ᠠ ᠪᠠᠭ᠎ᠠ ᠰᠤᠷᠭᠠᠭᠤᠯᠢ ᠶᠢᠨ ᠲᠧᠩ ᠹᠧᠢ ᠵᠠᠮ ᠤᠨ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠪᠠ᠃       ᠲᠣᠰ ᠤᠳᠠᠭᠠᠨ ᠤ ᠠᠵᠢᠯᠯᠠᠭ᠎ᠠ ᠨᠢ ᠠᠵᠢᠯᠲᠠᠨ ᠠᠴᠠ ᠤᠬᠠᠭᠤᠯᠤᠨ ᠲᠠᠶᠢᠯᠪᠤᠷᠢᠯᠠᠬᠤ᠂ ᠰᠣᠷᠣᠭᠴᠢ ᠠᠰᠠᠭᠤᠯᠲᠠ ᠳᠤᠷᠠᠳᠬᠤ᠂ ᠠᠵᠢᠯᠲᠠᠨ ᠪᠣᠯᠤᠨ ᠰᠣᠷᠣᠭᠴᠢ ᠬᠠᠷᠢᠯᠴᠠᠨ ᠦᠢᠯᠡᠳᠦᠯᠴᠡᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠶᠠᠪᠤᠭᠳᠠᠵᠤ᠂ ᠰᠤᠷᠤᠭᠴᠢᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠦᠨ᠂ ᠬᠤᠭ ᠨᠣᠪᠰᠢ ᠶᠢ ᠲᠥᠷᠥᠯ ᠬᠤᠪᠢᠶᠠᠬᠤ ᠭᠡᠭᠴᠢ ᠶᠠᠭᠤ ᠪᠣᠯᠬᠤ᠂ ᠠᠳᠠᠯᠢ ᠪᠤᠰᠤ ᠶᠢᠨ ᠬᠤᠭ ᠨᠣᠪᠰᠢ ᠶᠢ ᠬᠡᠷᠬᠢᠨ ᠰᠢᠢᠳᠪᠦᠷᠢᠯᠡᠬᠦ ᠶᠢ ᠣᠶᠢᠯᠠᠭᠠᠭᠤᠯᠵᠤ᠂ ᠰᠤᠷᠤᠭᠴᠢᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠳᠠᠳᠬᠠᠯ ᠲᠠᠢ ᠪᠣᠯᠭᠠᠬᠤ ᠪᠠᠷ ᠵᠣᠷᠢᠯᠭ᠎ᠠ ᠪᠣᠯᠭᠠᠭᠰᠠᠨ ᠶᠤᠮ᠃       ᠠᠵᠢᠯᠯᠠᠭ᠎ᠠ ᠳᠤᠮᠳᠠ᠂ ᠴᠧᠩᠳᠦ᠋ ᠶᠢᠨ ᠤᠪᠸᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠪᠠᠭᠰᠢ ᠠᠴᠠ ᠬᠤᠭ ᠨᠣᠪᠰᠢ ᠶᠢ ᠲᠦᠷᠦᠯ ᠬᠤᠪᠢᠶᠠᠬᠤ ᠲᠠᠶᠢᠯᠤᠮᠵᠢ ᠬᠢᠭᠰᠡᠨ ᠪᠥᠭᠡᠳ ᠰᠤᠷᠤᠭᠴᠢᠳ ᠲᠤ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢᠨ ᠠᠰᠠᠭᠤᠯᠲᠠ  ᠬᠠᠷᠢᠭᠤᠯᠳᠠᠭ ᠤᠨ ᠬᠦᠳᠡᠯᠭᠡᠭᠡᠨ ᠥᠷᠨᠢᠬᠦᠯᠵᠦ᠂ ᠰᠤᠷᠤᠭᠴᠢᠳ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃       ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠭᠡᠷ ᠤᠨ ᠡᠷᠬᠢᠯᠡᠭᠴᠢ ᠶᠠᠩ ᠸᠧᠶ ᠲᠠᠨᠢᠯᠴᠠᠭᠤᠯᠬᠤ ᠳᠠᠭᠠᠨ᠂ ︽ᠬᠡᠦᠬᠡᠳ  ᠨᠢ ᠭᠡᠷ ᠤᠨ ᠠᠬᠠᠮᠠᠳ ᠢᠶᠠᠨ ᠳᠠᠭᠠᠭᠤᠯᠬᠤ︾ ᠠᠵᠢᠯᠯᠠᠭ᠎ᠠ — ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ  ᠠᠵᠢᠯᠯᠠᠭ᠎ᠠ ᠨᠢ ︽ᠨᠢᠭᠡ ᠬᠡᠤᠬᠡᠳ ᠢ ᠬᠥᠮᠥᠵᠢᠭᠦᠯᠦᠨ᠂ ᠨᠢᠭᠡ ᠬᠡᠷ ᠪᠦᠯᠢ ᠶᠢ ᠨᠥᠯᠥᠭᠡᠯᠡᠵᠦ᠂ ᠨᠢᠭᠡ ᠨᠡᠶᠢᠭᠡᠮ ᠲᠣᠭᠤᠷᠢᠭ ᠢ ᠳᠠᠶᠢᠴᠢᠯᠠᠬᠤ︾ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠥᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠂ ᠣᠲᠣ ᠬᠤᠲᠠ ᠶᠢᠨ ᠲᠣᠭᠤᠷᠢᠭ ᠲᠤ ᠨᠢᠭᠡᠨᠲᠡ 60 ᠲᠤᠷᠰᠢᠯᠲᠠ ᠶᠢᠨ ᠰᠤᠷᠭᠠᠭᠤᠯᠢ ᠶᠢ ᠲᠣᠭᠲᠠᠭᠠᠵᠤ᠂ ᠭᠤᠷᠪᠠᠳᠠᠬᠢ ᠡᠲᠡᠭᠡᠳ ᠲᠤ ᠨᠠᠶᠢᠳᠠᠨ ᠪᠣᠯᠪᠠᠰᠤᠷᠠᠭᠤᠯᠵᠤ ᠤᠬᠠᠭᠤᠯᠤᠨ ᠲᠠᠶᠢᠯᠪᠤᠷᠢᠯᠠᠬᠤ᠂ ᠪᠡᠯᠡᠳᠬᠡᠮᠵᠢ ᠶᠢᠨ ᠡᠵᠡᠩᠨᠡᠯᠲᠡ ᠵᠡᠷᠭᠡ ᠦᠢᠯᠡᠴᠢᠯᠡᠭᠡ ᠬᠢᠯᠭᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ ᠢᠷᠡᠬᠦ ᠵᠢᠯ ᠬᠤᠭ ᠨᠣᠪᠰᠢ ᠶᠢ ᠲᠥᠷᠥᠯ ᠬᠤᠪᠢᠶᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠵᠠᠯᠭᠠᠭ᠎ᠠ ᠪᠠᠷ 100 ᠰᠤᠷᠭᠠᠭᠤᠯᠢ ᠳᠤ ᠣᠷᠣᠭᠤᠯᠤᠨ᠎ᠠ᠃ ᠣᠳᠣᠬᠠᠨ ᠳᠤ᠂ ᠡᠯ᠎ᠡ ᠭᠠᠵᠠᠷ ᠣᠷᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠶᠠᠭ ᠲᠤᠷᠰᠢᠯᠲᠠ ᠶᠢᠨ ᠰᠤᠷᠭᠠᠭᠤᠯᠢ ᠪᠠᠷ ᠲᠥᠪ ᠪᠣᠯᠭᠠᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠤᠷᠢᠶᠠᠯᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠢᠳᠡᠪᠬᠢᠵᠢᠯ ᠢ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ ᠪᠠᠶᠢᠨ᠎ᠠ᠃ ︵ᠰᠦᠨ ᠶᠤᠸᠠᠢ ᠯᠦᠩ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ