︽ᠬᠥᠬᠡᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ  ᠶᠢᠨ ᠬᠦᠭᠵᠢᠯᠲᠡ ᠶᠢᠨ ᠬᠡᠷᠡᠭᠵᠢᠭᠦᠯᠬᠦ ᠲᠦᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/11/25
                 ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ︵2021︶  14 ᠳ᠋ᠤᠭᠡᠷ ᠲᠣᠭᠠᠲᠤ                 2021 ᠣᠨ ᠤ 9 ᠰᠠᠷ᠎ᠠ ᠶᠢᠨ 24 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄      ︽ᠬᠥᠬᠡᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃       ᠬᠥᠬᠡᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ      ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 21 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ  ᠤᠷᠢᠳᠠᠪᠠᠷ ᠪᠤᠳᠤᠯᠬᠢᠯᠠᠭᠰᠠᠨ᠂ ᠪᠣᠬᠢᠷᠲᠤᠯ ᠦᠭᠡᠢ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠬᠥᠭᠵᠢᠯᠲᠡ ᠶᠢᠨ ᠵᠠᠭᠪᠤᠷ ᠢ ᠰᠢᠯᠢᠳᠡᠭᠵᠢᠭᠦᠯᠵᠦ᠂ ᠡᠬᠢ ᠪᠠᠶᠠᠯᠢᠭ ᠤᠨ  ᠠᠰᠢᠭᠯᠠᠮᠵᠢ ᠶᠢ ᠳᠡᠭᠡᠭᠰᠢᠯᠡᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠪᠠ ᠪᠣᠬᠢᠷᠲᠤᠯ ᠢ ᠪᠠᠭᠠᠰᠬᠠᠵᠤ᠂ ᠪᠠᠷᠢᠯᠭ᠎ᠠ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃      ᠬᠤᠶᠠᠷ᠂ ᠭᠤᠣᠯ ᠬᠠᠷᠠᠯᠲᠠ      ᠢᠳᠡᠪᠬᠢ ᠪᠤᠰᠤ ᠬᠡᠯᠪᠡᠷᠢ ᠶᠢᠨ ᠬᠡᠳᠦ ᠳᠤᠤᠷ᠎ᠠ ᠪᠠᠷᠢᠯᠭ᠎ᠠ ᠶᠢᠨ ᠡᠨᠧᠷᠭᠢ ᠶᠢᠨ ᠬᠤᠷᠤᠭᠳᠠᠯ ᠲᠠᠢ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠥᠷᠨᠢᠭᠦᠯᠦᠨ᠎ᠡ︔ 2025 ᠣᠨ ᠪᠣᠯᠬᠤ ᠳᠤ᠂ ᠪᠥᠬᠦ ᠬᠤᠲᠠ ᠶᠢᠨ ᠬᠤᠲᠠ ᠪᠠᠯᠭᠠᠰᠤᠨ ᠤ ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 35% ᠠᠴᠠ ᠳᠠᠪᠠᠭᠤᠯᠤᠨ᠎ᠠ︔ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 30% ᠳᠤ ᠬᠦᠷᠭᠡᠬᠦ ᠪᠠᠷ ᠴᠢᠷᠮᠠᠶᠢᠨ᠎ᠠ︔ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠳᠤ 800 ᠲᠦᠮᠡᠨ ᠲᠡᠭᠰᠢ ᠳᠥᠷᠪᠡᠯᠵᠢᠨ ᠮᠧᠲᠷ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠳᠡᠭᠡᠭᠰᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ︔ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠶᠢ 150 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠬᠦ ᠪᠠᠷ ᠴᠢᠷᠮᠠᠶᠢᠵᠤ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ ᠴᠣᠠᠠᠴᠠᠵᠢᠭᠤᠯᠬᠤ ᠲᠥᠷᠥᠯ ᠵᠦᠢᠯ ᠤᠨ ᠡᠵᠡᠯᠡᠬᠦ ᠬᠠᠷᠢᠴᠠᠯ ᠢ 30% ᠠᠴᠠ ᠳᠡᠭᠡᠭᠰᠢ ᠪᠤᠯᠭᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠬᠡᠷᠡᠭᠯᠡᠬᠦ ᠬᠠᠷᠢᠴᠠᠯ ᠢ 30% ᠳᠤ ᠬᠦᠷᠭᠡᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠪᠣᠬᠢᠷᠲᠤᠯ ᠥᠬᠡᠶ᠂ ᠤᠷᠴᠢᠯ᠂ ᠳᠤᠤᠷ᠎ᠠ ᠨᠡᠭᠦᠷᠡᠰᠦᠳᠦ᠋ᠷᠦᠭᠴᠢᠲᠦ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠥᠯᠭᠢᠨ ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠠᠬᠢ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ᠃      ᠭᠤᠷᠪᠠ᠂ ᠭᠤᠣᠯᠳᠠᠯᠭ᠎ᠠ ᠲᠠᠢ ᠡᠭᠦᠷᠭᠡ      ︵ᠨᠢᠭᠡ︶ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ︽ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03 — 35 — 2019︶ ᠪᠠ ︽ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03 — 27 — 2017︶ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠨᠣᠷᠮ᠎ᠠ ᠶᠢ 100% ᠳᠤ  ᠬᠦᠷᠭᠡᠵᠦ᠂ ᠪᠠᠷᠢᠯᠭ᠎ᠠ ᠶᠢᠨ ᠡᠨᠧᠷᠭᠢ ᠶᠢᠨ ᠬᠤᠷᠣᠭᠳᠠᠭᠤᠯᠤᠯ ᠢ ᠲᠠᠰᠤᠷᠠᠯᠲᠠ ᠥᠬᠡᠶ ᠪᠠᠭᠤᠷᠠᠭᠤᠯᠵᠤ᠂ ᠨᠠᠩ ᠥᠨᠳᠥᠷ ᠪᠠᠷᠢᠮᠵᠢᠶ᠎ᠠ ᠪᠠᠷ ᠱᠠᠭᠠᠷᠳᠠᠵᠤ ᠡᠨᠧᠷᠬᠢ ᠶᠢᠨ ᠬᠤᠷᠤᠭᠳᠠᠯ ᠪᠠᠷᠤᠭ ᠦᠭᠡᠢ᠂ ᠡᠨᠧᠷᠬᠢ ᠤᠨ ᠬᠤᠷᠤᠭᠳᠠᠯ ᠦᠴᠦᠬᠡᠨ ᠴᠤ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠤᠷᠢᠭᠵᠢᠭᠤᠯᠤᠨ᠎ᠠ᠃       ︵ᠬᠤᠶᠠᠷ︶ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠦᠬᠦ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠴᠥᠮ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠂ ᠡᠭᠦᠨ ᠳᠤ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠯᠪᠠᠨ ᠠᠵᠢᠯ ᠤᠨ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠠ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠮᠦᠽᠧᠶ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ᠂ ᠲᠠᠩ ᠪᠡᠶᠡᠲᠦ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ᠂ ᠪᠠᠷᠢᠯᠭ᠎ᠠ ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠬᠤᠷᠢᠶᠠᠯᠠᠯ᠂ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠴᠥᠮ ᠨᠢᠭᠡ ᠣᠳᠣᠨ ᠲᠠᠰ ᠠᠴᠠ ᠳᠡᠭᠡᠭᠰᠢᠬᠢ ︵ᠨᠢᠭᠡ ᠣᠳᠣᠨ ᠲᠠᠰ ᠢ  ᠪᠠᠭᠲᠠᠭᠠᠨ᠎ᠠ︶ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠨᠥᠬᠦᠴᠡᠯ ᠲᠠᠢ ᠪᠤᠰᠤᠳ ᠲᠥᠷᠥᠯ ᠵᠦᠢᠯ ᠢ ᠬᠥᠲᠥᠯᠦᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠨᠠᠩ ᠥᠨᠳᠥᠷ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠂ ᠨᠢᠭᠡ ᠪᠦᠯᠦᠭ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠷᠢᠶᠠᠯᠠᠯ ᠢ ᠲᠥᠪᠯᠡᠷᠡᠭᠦᠯᠦᠨ ᠵᠠᠯᠭᠠᠯᠳᠤᠭᠤᠯᠤᠨ ᠪᠥᠲᠥᠭᠡᠨ ᠪᠠᠶᠢᠭᠤᠯᠤᠨ᠎ᠠ᠃      ︵ᠭᠤᠷᠪᠠ︶ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠦᠷᠭᠦᠯᠵᠢᠯᠡᠨ  ᠳᠡᠭᠡᠭᠰᠢᠯᠡᠭᠦᠯᠦᠨ᠎ᠡ᠃ ︽ᠬᠥᠬᠡᠬᠤᠲᠠ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠭᠤᠤᠯᠳᠠᠯᠭ᠎ᠠ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠳᠠᠬᠢ 160 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠵᠦ᠂ ᠨᠢᠭᠡᠨᠲᠡ ᠪᠠᠶᠢᠭ᠎ᠠ ᠣᠯᠠᠨ ᠨᠡᠶᠢᠲᠡ ᠶᠢᠨ ᠪᠠᠷᠢᠯᠭ᠎ᠠ ᠶᠢᠨ ᠬᠦᠷᠢᠶᠡᠯᠡᠨ ᠬᠠᠮᠠᠭᠠᠯᠠᠬᠤ ᠪᠦᠲᠦᠴᠡ᠂ ᠭᠡᠷᠡᠯᠲᠦᠭᠦᠯᠭᠡ ᠶᠢᠨ ᠰᠢᠰᠲ᠋ᠧᠮ᠂ ᠬᠥᠳᠡᠯᠭᠡᠬᠦ ᠬᠦᠴᠦᠨ ᠤ ᠰᠢᠰᠲ᠋ᠧᠮ᠂ ᠢᠯᠴᠢ ᠬᠠᠩᠭᠠᠬᠤ ᠰᠠᠯᠬᠢ ᠨᠡᠪᠲᠡᠷᠡᠭᠦᠯᠬᠦ ᠠᠭᠠᠷ ᠲᠣᠬᠢᠷᠠᠭᠤᠯᠤᠭᠴᠢ ᠶᠢᠨ ᠰᠢᠰᠲ᠋ᠧᠮ᠂ ᠠᠮᠢᠳᠤᠷᠠᠯ ᠤᠨ ᠬᠠᠯᠠᠭᠤᠨ ᠤᠰᠤᠨ ᠤ ᠬᠠᠩᠭᠠᠯᠭ᠎ᠠ ᠶᠢᠨ ᠰᠢᠰᠲ᠋ᠧᠮ᠂ ᠴᠠᠬᠢᠯᠭᠠᠨ ᠬᠠᠩᠭᠠᠬᠤ ᠪᠠ ᠲᠦᠭᠡᠭᠡᠬᠦ ᠰᠢᠰᠲ᠋ᠧᠮ᠂ ᠡᠨᠧᠷᠭᠢ ᠶᠢᠨ ᠬᠤᠷᠣᠭᠳᠠᠯ ᠢ ᠬᠢᠨᠠᠨ ᠪᠠᠶᠢᠴᠠᠭᠠᠬᠤ ᠵᠢᠴᠢ ᠬᠡᠮᠵᠢᠬᠦ ᠰᠢᠰᠲ᠋ᠧᠮ᠂ ᠮᠠᠰᠢᠨ ᠴᠠᠬᠢᠯᠭᠠᠨ ᠤ ᠡᠵᠡᠮᠰᠢᠯ ᠤᠨ ᠰᠢᠰᠲ᠋ᠧᠮ᠂ ᠤᠰᠤ ᠵᠠᠯᠠᠬᠤ ᠰᠢᠰᠲ᠋ᠧᠮ ᠵᠡᠷᠭᠡ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠳᠠᠷᠠᠭᠠᠬᠢ ᠡᠨᠧᠷᠭᠢ ᠠᠷᠪᠢᠯᠠᠬᠤ ᠶᠡᠷᠦᠩᠬᠡᠢ ᠨᠣᠷᠮ᠎ᠠ ᠶᠢ 15% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠡᠭᠦᠨ ᠳᠤ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠲᠥᠷᠥᠯ ᠵᠦᠢᠯ ᠤᠨ ᠬᠠᠷᠢᠴᠠᠯ ᠢ 40% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠢ ᠳᠡᠯᠭᠡᠷᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠬᠥᠲᠥᠯᠥᠨ ᠵᠢᠯᠣᠭᠤᠳᠴᠤ ᠪᠠᠶᠢᠭᠠᠳ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠳᠤ ᠨᠡᠩ ᠤᠯᠠᠨ ᠤᠷᠤᠭᠤᠯᠵᠤ᠂ ᠨᠥᠬᠦᠴᠡᠯ ᠲᠠᠢ ᠨᠢᠭᠡᠴᠡ ᠪᠠ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠲᠠᠢ ᠥᠮᠴᠢᠲᠡᠨ ᠤ ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠤᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠲᠡᠮᠵᠢᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠵᠠᠬ᠎ᠠ ᠳᠡᠯᠭᠡᠭᠦᠷ ᠤᠨ ᠲᠣᠭᠲᠠᠴᠠ ᠶᠢ ᠬᠤᠷᠳᠤᠨ ᠪᠤᠢ ᠪᠣᠯᠭᠠᠨ᠎ᠠ᠃      ︵ᠲᠥᠷᠪᠡ︶ ᠭᠡᠳᠤ ᠳᠤᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ ᠶᠢᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠬᠡᠳᠦ ᠳᠤᠤᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ ᠂ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠤᠬᠠᠭᠤᠯᠭ᠎ᠠ ᠪᠠ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠴᠤ᠂ ᠬᠡᠲᠦ ᠳᠣᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ ᠶᠢᠨ ᠬᠥᠭᠵᠢᠯᠲᠡ ᠶᠢᠨ ᠲᠤᠰᠬᠠᠶ ᠵᠦᠢᠯ ᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠢᠵᠢ ᠪᠥᠷᠢᠳᠦᠭᠦᠯᠬᠦ ᠡᠳ᠋ ᠤᠨ ᠵᠠᠰᠠᠭ ᠤᠨ ᠤᠷᠮᠠᠰᠢᠭᠤᠯᠬᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠠᠷᠭ᠎ᠠ ᠮᠠᠶ᠋ᠢᠭ ᠢ ᠰᠢᠯᠢᠳᠡᠭᠵᠢᠭᠦᠯᠬᠦ᠂ ᠪᠠᠭᠲᠠᠭᠠᠮᠵᠢ ᠶᠢᠨ ᠨᠣᠷᠮ᠎ᠠ ᠶᠢ ᠱᠠᠩᠨᠠᠬᠤ᠂ ᠢᠵᠢ ᠪᠥᠷᠢᠳᠦᠭᠦᠯᠬᠦ ᠰᠦᠢᠳᠭᠡᠯ ᠢ ᠬᠠᠰᠤᠵᠤ ᠭᠡᠯᠳᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠨᠡᠶᠢᠲᠡᠯᠡᠵᠦ᠂ ᠬᠡᠲᠦ ᠳᠣᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ ᠶᠢᠨ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠳᠡᠪᠬᠢ ᠪᠤᠰᠤ ᠬᠡᠯᠪᠡᠷᠢ ᠶᠢᠨ ᠬᠡᠲᠦ ᠳᠤᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ ᠶᠢᠨ ᠬᠠᠮᠢᠶ᠎ᠠ ᠪᠥᠬᠦᠶ ᠮᠡᠷᠭᠡᠵᠢᠯ ᠪᠠ ᠦᠢᠯᠡᠳᠬᠦᠨ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠂ ᠲᠡᠷᠢᠭᠦᠨ ᠤ ᠮᠡᠷᠭᠡᠵᠢᠯ᠂ ᠮᠠᠲ᠋ᠧᠷᠢᠶᠠᠯ᠂ ᠲᠥᠬᠦᠭᠡᠷᠦᠮᠵᠢ᠂ ᠤᠷᠠᠯᠠᠯ ᠢᠶᠠᠷ ᠳᠠᠮᠵᠢᠭᠤᠯᠤᠨ᠂ ᠰᠢᠰᠲ᠋ᠧᠮ ᠲᠠᠢ ᠢᠳᠡᠪᠬᠢ ᠪᠤᠰᠤ ᠬᠡᠯᠪᠡᠷᠢ ᠶᠢᠨ ᠬᠡᠲᠦ ᠳᠤᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ ᠶᠢᠨ ᠲᠥᠷᠥ ᠶᠢᠨ ᠪᠣᠳᠣᠯᠭ᠎ᠠ ᠪᠠ ᠮᠡᠷᠭᠡᠵᠢᠯ ᠤᠨ ᠰᠢᠰᠲ᠋ᠧᠮᠵᠢ ᠶᠢ ᠪᠦᠷᠢᠯᠳᠦᠭᠦᠯᠵᠦ᠂ ᠢᠳᠡᠪᠬᠢ ᠪᠤᠰᠤ  ᠬᠡᠯᠪᠡᠷᠢ ᠶᠢᠨ ᠬᠡᠲᠦ ᠳᠤᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ ᠶᠢ ᠪᠠᠷᠢᠮᠵᠢᠶᠠᠵᠢᠭᠰᠠᠨ᠂   ᠬᠡᠪᠴᠢᠶᠡᠵᠢᠭᠰᠡᠨ᠂ ᠰᠢᠰᠲ᠋ᠧᠮᠵᠢᠭᠰᠡᠨ ᠳᠠᠰᠢ  ᠬᠦᠭᠵᠢᠭᠦᠯᠦᠨ᠎ᠡ᠃      ︵ᠲᠠᠪᠤ︶ ᠤᠭᠰᠠᠷᠠᠮᠠᠯ ᠬᠡᠯᠪᠡᠷᠢ ᠶᠢᠨ ᠪᠠᠷᠢᠯᠭ᠎ᠠ ᠶᠢᠨ ᠬᠥᠭᠵᠢᠯᠲᠡ ᠶᠢ ᠠᠬᠢᠭᠤᠯᠤᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠪᠠᠶᠢᠭᠤᠯᠬᠤ ᠪᠠᠷᠢᠯᠭ᠎ᠠ ᠶᠢ ᠤᠭᠰᠠᠷᠠᠮᠠᠯ ᠮᠠᠶ᠋ᠢᠭ ᠤᠨ ᠠᠷᠭ᠎ᠠ ᠮᠠᠶ᠋ᠢᠭ ᠢᠶᠠᠷ ᠪᠦᠳᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠤᠭᠰᠠᠷᠠᠮᠠᠯ ᠮᠠᠶ᠋ᠢᠭ ᠤᠨ ᠪᠤᠲ᠋ᠤᠨ ᠤ ᠪᠦᠲᠦᠴᠡ ᠶᠢᠨ ᠲᠥᠷᠥᠯ ᠵᠦᠢᠯ ᠳᠤ ᠤᠷᠢᠳ ᠢᠶᠠᠷ ᠳᠣᠲᠣᠷ ᠭᠠᠳᠠᠷ ᠬᠡᠷᠡᠮ ᠤᠨ ᠬᠠᠪᠲᠠᠰᠤ᠂ ᠠᠰᠠᠷ ᠤᠨ ᠬᠠᠪᠲᠠᠰᠤ᠂ ᠠᠰᠠᠷ ᠤᠨ ᠱᠠᠲᠤ ᠵᠡᠷᠭᠡ ᠪᠡᠯᠡᠨ ᠤᠭᠰᠠᠷᠠᠮᠠᠯ ᠲᠣᠨᠤᠭ ᠢ ᠤᠷᠢᠳᠴᠢᠯᠠᠨ ᠬᠢᠵᠦ᠂ ᠳᠠᠬᠢᠨ ᠠᠯᠬᠤᠮ ᠠᠯᠬᠤᠮ ᠢᠶᠠᠷ ᠪᠤᠰᠤᠭ᠎ᠠ ᠲᠣᠨᠣᠭᠯᠠᠭᠠᠰᠤ ᠶᠢ ᠬᠡᠷᠡᠭᠯᠡᠬᠦ ᠪᠣᠯᠭᠠᠨ ᠬᠥᠭᠵᠢᠭᠦᠯᠵᠦ᠂ ᠤᠭᠰᠠᠷᠠᠯᠲᠠ ᠶᠢᠨ ᠨᠣᠷᠮ᠎ᠠ ᠶᠢ ᠲᠠᠰᠤᠷᠠᠯᠲᠠ ᠥᠬᠡᠶ  ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠠᠯᠪᠠᠯᠠᠬᠤ ᠠᠰᠠᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠡᠯ᠎ᠡ ᠵᠦᠢᠯ ᠤᠨ ᠣᠯᠠᠨ ᠨᠡᠶᠢᠲᠡ ᠶᠢᠨ ᠪᠠᠷᠢᠯᠭ᠎ᠠ ᠪᠠ ᠬᠤᠲᠠ ᠪᠠᠯᠭᠠᠰᠤ ᠶᠢᠨ ᠰᠢᠨ᠎ᠡ ᠲᠣᠭᠤᠷᠢᠭ ᠤᠨ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ᠂ ᠬᠥᠭᠦᠷᠭᠡ᠂ ᠵᠠᠮᠲᠤ ᠵᠠᠮ ᠬᠠᠷᠢᠯᠴᠠᠭ᠎ᠠ᠂ ᠨᠡᠶᠢᠲᠡ ᠶᠢᠨ ᠵᠠᠮ ᠬᠠᠷᠢᠯᠴᠠᠭᠠᠨ ᠤ ᠦᠷᠲᠡᠭᠡ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠤᠷᠢᠳᠠᠪᠠᠷ  ᠬᠡᠷᠡᠭᠯᠡᠨ᠎ᠡ᠃ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠲᠠᠢ ᠣᠷᠣᠨ ᠰᠠᠭᠤᠴᠠ ᠶᠢ ᠢᠳᠡᠪᠬᠢᠲᠡᠶ ᠪᠠᠷ ᠳᠡᠯᠭᠡᠷᠡᠭᠦᠯᠵᠦ᠂ ᠵᠠᠰᠠᠭ ᠤᠨ ᠣᠷᠳᠣᠨ ᠠᠴᠠ ᠪᠠᠯᠠ ᠣᠷᠣᠭᠤᠯᠤᠨ ᠰᠢᠨ᠎ᠡ ᠪᠠᠷ ᠪᠠᠶᠢᠭᠤᠯᠤᠭᠰᠠᠨ ᠲᠣᠮᠣ ᠠᠯᠭᠠᠰᠠᠯ᠂ ᠲᠣᠮᠣ ᠣᠷᠣᠨ ᠵᠠᠶ ᠶᠢᠨ ᠣᠯᠠᠨ ᠨᠡᠶᠢᠲᠡ ᠶᠢᠨ ᠪᠠᠷᠢᠯᠭ᠎ᠠ ᠪᠠ ᠠᠵᠤ  ᠦᠢᠯᠡᠳᠪᠦᠷᠢ ᠶᠢᠨ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠶᠢ ᠤᠷᠢᠳᠠᠪᠠᠷ ᠬᠡᠷᠡᠭᠯᠡᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠴᠡᠴᠡᠷᠯᠢᠭ ᠤᠨ ᠦᠵᠡᠮᠵᠢ᠂ ᠥᠪᠡᠷ ᠢᠶᠠᠨ ᠲᠡᠷᠭᠡ ᠲᠠᠢ ᠵᠢᠭᠤᠯᠴᠢᠯᠠᠭᠴᠢᠳ ᠤᠨ ᠪᠠᠭᠤᠳᠠᠯ ᠵᠢᠴᠢ ᠠᠮᠠᠷᠠᠯᠲᠠ ᠶᠢᠨ ᠣᠷᠣᠨ ᠵᠡᠷᠭᠡ ᠣᠷᠣᠨ ᠪᠦᠰᠡ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠣᠲᠣ ᠦᠶ᠎ᠡ ᠶᠢᠨ ᠤᠭᠰᠠᠷᠠᠮᠠᠯ ᠮᠠᠶ᠋ᠢᠭ ᠤᠨ ᠮᠣᠳᠣᠨ ᠪᠦᠲᠦᠴᠡ ᠶᠢ ᠬᠥᠭᠵᠢᠭᠦᠯᠵᠦ᠂ ᠪᠥᠬᠦ ᠬᠤᠲᠠ ᠶᠢᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠥᠷᠥᠯ ᠵᠦᠢᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠠᠬᠢ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠪᠠᠷᠢᠯᠭ᠎ᠠ ᠶᠢᠨ ᠠᠵᠤ ᠦᠢᠯᠡᠰᠵᠢᠨ ᠬᠦᠭᠵᠢᠬᠦ ᠶᠢ ᠦᠨᠡᠨᠬᠦ ᠠᠬᠢᠭᠤᠯᠤᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠨᠡᠭᠡᠭᠡᠨ ᠬᠥᠭᠵᠢᠭᠦᠯᠬᠦ᠂ ᠵᠢᠷᠤᠭᠯᠠᠨ ᠲᠥᠯᠥᠪᠯᠡᠬᠦ᠂ ᠪᠠᠷᠢᠬᠤ᠂ ᠬᠢᠨᠠᠨ ᠬᠠᠮᠢᠶᠠᠷᠬᠤ ᠪᠠ ᠦᠢᠯᠡᠳᠪᠦᠷᠢᠯᠡᠬᠦ ᠠᠵᠤ ᠠᠬᠤᠶᠢᠯᠠᠯ᠂ ᠲᠥᠬᠦᠭᠡᠷᠦᠮᠵᠢ᠂ ᠮᠡᠷᠭᠡᠵᠢᠯ᠂ ᠴᠢᠳᠠᠪᠤᠷᠢᠲᠠᠨ ᠵᠡᠷᠭᠡ ᠬᠦᠴᠦᠨ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠤᠶᠢᠵᠢᠭᠤᠯᠵᠤ᠂ ᠨᠢᠭᠡ ᠪᠦᠯᠦᠭ ᠭᠤᠤᠯᠯᠠᠭᠴᠢ ᠠᠵᠤ ᠠᠬᠤᠶᠢᠯᠠᠯ ᠢᠶᠠᠷ ᠭᠤᠤᠯᠯᠠᠭᠤᠯᠤᠭᠰᠠᠨ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠭᠰᠡᠨ ᠠᠵᠤ ᠦᠢᠯᠡᠰ ᠤᠨ ᠪᠥᠭᠡᠮᠨᠡᠷᠡᠯ ᠢ ᠲᠦᠷᠭᠡᠬᠡᠨ ᠪᠣᠶ ᠪᠣᠯᠭᠠᠨ᠎ᠠ᠃ ᠤᠭᠰᠠᠷᠠᠮᠠᠯ ᠪᠠᠷᠢᠯᠭ᠎ᠠ ᠶᠢᠨ ᠮᠠᠲ᠋ᠧᠷᠢᠶᠠᠯ᠂ ᠤᠭᠰᠠᠷᠠᠮᠠᠯ ᠦᠢᠯᠡᠳᠬᠦᠨ ᠤ ᠤᠭᠰᠠᠷᠠᠭ᠎ᠠ ᠲᠣᠨᠤᠭ ᠢ ᠦᠢᠯᠡᠳᠪᠦᠷᠢᠯᠡᠬᠦ ᠦᠢᠯᠡᠳᠪᠦᠷᠢ ᠶᠢᠨ ᠲᠣᠭᠤᠷᠢᠭ  ᠲᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠵᠤ᠂ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠶ ᠨᠢ ᠠᠵᠤ  ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ᠂ ᠤᠷᠢᠳᠠᠪᠠᠷ ᠲᠦᠷᠢᠶᠡᠰᠦᠯᠡᠵᠦ ᠳᠠᠷᠠᠭ᠎ᠠ ᠨᠢ ᠬᠤᠳᠠᠯᠳᠤᠨ ᠠᠪᠬᠤ᠂ ᠲᠦᠷᠢᠶᠡᠰᠦᠯᠡᠭᠦᠯᠬᠦ ᠪᠠ ᠬᠤᠳᠠᠯᠳᠤᠬᠤ ᠶᠢ ᠤᠶᠠᠯᠳᠤᠭᠤᠯᠬᠤ ᠵᠢᠴᠢ ᠣᠨ ᠤ ᠬᠤᠭᠤᠴᠠᠭ᠎ᠠ ᠪᠠᠷ ᠬᠠᠷᠢᠮᠠᠬᠠᠶ ᠴᠢᠨᠠᠷᠲᠠᠶ ᠬᠤᠳᠠᠯᠳᠤᠬᠤ ᠵᠡᠷᠭᠡ ᠠᠷᠭ᠎ᠠ ᠬᠡᠮᠵᠢᠶ᠎ᠡ ᠬᠡᠷᠡᠭᠯᠡᠵᠦ ᠭᠠᠵᠠᠷ ᠰᠢᠷᠣᠶ ᠬᠠᠩᠭᠠᠵᠤ ᠪᠣᠯᠤᠨ᠎ᠠ᠂ ᠲᠦᠷᠢᠶᠡᠰᠦᠯᠡᠬᠦ ᠬᠠᠮᠤᠭ ᠤᠨ ᠣᠷᠳᠣ ᠬᠤᠭᠤᠴᠠᠭ᠎ᠠ ᠨᠢ ᠬᠠᠤᠯᠢ ᠴᠠᠭᠠᠵᠠ ᠳᠤ ᠲᠣᠭᠲᠠᠭᠠᠭᠰᠠᠨ ᠬᠠᠮᠤᠭ ᠤᠨ ᠤᠷᠲᠤ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠥᠬᠡᠶ᠂ ᠤᠭᠰᠠᠷᠠᠮᠠᠯ ᠮᠠᠶ᠋ᠢᠭ ᠤᠨ ᠤᠭᠰᠠᠷᠠᠭ᠎ᠠ ᠦᠢᠯᠡᠳᠬᠦᠨ ᠤ ᠤᠭᠰᠠᠷᠠᠭ᠎ᠠ ᠲᠣᠨᠤᠭ ᠢ ᠦᠢᠯᠡᠳᠪᠦᠷᠢᠯᠡᠬᠦ ᠠᠵᠤ ᠠᠬᠤᠶᠢᠯᠠᠯ ᠬᠤᠯᠪᠣᠭᠠᠯᠠᠨ ᠬᠦᠷᠢᠶᠡᠯᠡᠩ ᠲᠣᠭᠤᠷᠢᠭ ᠤᠨ ᠬᠡᠯᠪᠡᠷᠢ ᠳᠠᠰᠢ ᠬᠥᠭᠵᠢᠬᠦ ᠶᠢ ᠵᠣᠷᠢᠭᠵᠢᠭᠤᠯᠤᠨ᠎ᠠ᠃ ᠤᠭᠰᠠᠷᠠᠮᠠᠯ ᠮᠠᠶ᠋ᠢᠭ ᠤᠨ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠳᠤ᠂ ᠭᠠᠵᠠᠷ ᠳᠣᠣᠷᠠᠬᠢ ᠭᠡᠷ ᠤᠨ ᠢᠨᠵᠧᠨᠧᠷᠢᠩ ᠲᠠᠢ ᠪᠠᠶᠢᠪᠠᠯ᠂ ᠰᠠᠭᠤᠷᠢ ᠪᠠ ᠭᠠᠵᠠᠷ ᠳᠣᠣᠷᠠᠬᠢ ᠪᠦᠲᠦᠴᠡ ᠶᠢᠨ ᠢᠨᠵᠧᠨᠧᠷᠢᠩ ᠢ ᠪᠡᠶᠡᠯᠡᠭᠦᠯᠵᠦ᠂ ᠭᠠᠵᠠᠷ ᠳᠣᠣᠷᠠᠬᠢ ᠭᠡᠷ ᠤᠨ ᠢᠨᠵᠧᠨᠧᠷᠢᠩ  ᠪᠠᠶᠢᠬᠤ ᠦᠭᠡᠢ ᠪᠠᠶᠢᠪᠠᠯ᠂ ᠰᠠᠭᠤᠷᠢ ᠪᠠ ᠭᠠᠵᠠᠷ ᠳᠡᠭᠡᠷᠡᠬᠢ ᠨᠢᠭᠡ ᠳᠠᠪᠬᠤᠷᠭ᠎ᠠ ᠪᠦᠲᠦᠴᠡ ᠶᠢᠨ ᠢᠨᠵᠧᠨᠧᠷᠢᠩ ᠢ  ᠪᠡᠶᠡᠯᠡᠭᠦᠯᠵᠦ ᠡᠭᠦᠨ ᠤ ᠬᠠᠮᠲᠤ ᠪᠠᠷᠢᠯᠭ᠎ᠠ ᠶᠢᠨ ᠠᠬᠢᠴᠠ ᠪᠠ ᠪᠠᠷᠢᠯᠭ᠎ᠠ ᠳᠠᠭᠤᠰᠴᠤ ᠲᠤᠰᠢᠶᠠᠨ ᠥᠭᠬᠦ ᠡᠳᠦᠷ ᠬᠤᠭᠤᠴᠠᠭ᠎ᠠ ᠶᠢ ᠨᠢᠭᠡᠨᠲᠡ ᠲᠣᠭᠲᠠᠭᠠᠭᠰᠠᠨ ︵ᠣᠷᠴᠢᠨ ᠠᠬᠤᠶ ᠪᠠ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠠᠭᠲᠠᠭᠠᠨ᠎ᠠ︶  ᠨᠢ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ᠂ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ︾ ᠢ ᠤᠷᠢᠳᠴᠢᠯᠠᠨ ᠭᠦᠢᠴᠡᠳᠬᠡᠵᠦ ᠪᠣᠯᠤᠨ᠎ᠠ︔ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠥᠷᠥᠯ ᠵᠦᠢᠯ ᠤᠨ ᠭᠡᠷ᠎ᠡ ᠭᠦᠢᠴᠡᠳᠭᠡᠬᠦ ᠪᠠᠲᠤᠯᠠᠭ᠎ᠠ ᠶᠢᠨ ᠮᠥᠩᠭᠦ᠂ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠲᠤᠰᠢᠶᠠᠬᠤ ᠠᠴᠠ ᠭᠡᠯᠳᠦᠷᠢᠭᠦᠯᠦᠨ᠎ᠡ︔ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ᠂ ᠤᠶᠤᠨᠴᠢᠯᠠᠭᠰᠠᠨ ᠮᠡᠷᠭᠡᠵᠢᠯ ᠪᠠ ᠮᠡᠳᠡᠭᠡ ᠵᠠᠩᠭᠢ ᠶᠢᠨ ᠰᠢᠰᠲ᠋ᠧᠮ ᠵᠡᠷᠭᠡ ᠶᠢ ᠰᠤᠳᠤᠯᠤᠨ ᠨᠡᠭᠡᠭᠡᠬᠦ᠂ ᠬᠡᠷᠡᠭᠯᠡᠬᠦ ᠪᠠ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠢᠨᠵᠧᠨᠧᠷᠢᠩ  ᠤᠨ ᠵᠢᠷᠤᠭᠯᠠᠨ ᠲᠥᠯᠥᠪᠯᠡᠬᠦ᠂  ᠦᠢᠯᠡᠳᠪᠦᠷᠢᠯᠡᠭᠦᠯᠬᠦ᠂ ᠪᠠᠷᠢᠬᠤ᠂ ᠰᠢᠯᠭᠠᠨ ᠠᠪᠬᠤ ᠪᠥᠬᠦ ᠶᠠᠪᠤᠴᠠ ᠶᠢᠨ ᠮᠡᠳᠡᠭᠡ ᠵᠠᠩᠭᠢᠵᠢᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠳᠭᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠣᠷᠣᠨ ᠰᠠᠭᠤᠴᠠ ᠳᠤ ᠪᠦᠷᠢᠨ ᠢ ᠵᠠᠰᠠᠵᠤ ᠴᠢᠮᠡᠭᠯᠡᠬᠦ ᠶᠢ ᠢᠳᠡᠪᠬᠢᠲᠡᠶ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠲᠥᠷᠥᠯ ᠵᠦᠢᠯ ᠳᠤ ᠪᠠᠷᠢᠯᠭ᠎ᠠ ᠪᠠᠨ ᠶᠡᠷᠦᠩᠬᠡᠶᠢᠯᠡᠨ ᠳᠠᠭᠠᠭᠠᠴᠢᠯᠠᠬᠤ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ ᠪᠠᠷᠢᠬᠤ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠦᠨ᠎ᠡ᠃ ᠲᠣᠪᠶᠤᠭ ᠤᠨ ᠮᠠᠶ᠋ᠢᠭ ᠤᠨ ᠰᠤᠩᠭᠤᠯᠲᠠ ᠲᠠᠢ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠥᠪᠡᠷᠮᠢᠴᠡ ᠤᠨᠴᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠠᠭᠤᠷᠠᠶ ᠪᠠᠷ ᠤᠭᠰᠠᠷᠠᠭᠰᠠᠨ ᠠᠰᠠᠷ ︵ᠱᠠᠯᠠ︶ ᠤᠨ ᠦᠩᠭᠡᠨ ᠲᠠᠯ᠎ᠠ ᠂ ᠨᠢᠭᠡᠳᠭᠡᠯ ᠴᠢᠳᠠᠮᠵᠢ ᠲᠠᠢ ᠲᠣᠭᠤᠭᠠᠨ ᠬᠡᠷ᠂  ᠨᠢᠭᠡᠳᠭᠡᠯ ᠴᠢᠳᠠᠮᠵᠢ ᠲᠠᠢ ᠠᠷᠢᠭᠤᠨ ᠴᠡᠪᠡᠷ ᠤᠨ ᠲᠠᠰᠤᠯᠭ᠎ᠠ᠂ ᠬᠤᠭᠤᠯᠠᠶ ᠭᠤᠤᠷᠰᠤ ᠤᠲᠠᠰᠤ ᠵᠡᠷᠭᠡ ᠶᠢ ᠤᠭᠰᠠᠷᠠᠮᠠᠯ ᠮᠠᠶ᠋ᠢᠭ ᠤᠨ ᠵᠠᠰᠠᠨ ᠴᠢᠮᠡᠭᠯᠡᠵᠦ ᠤᠭᠰᠠᠷᠠᠵᠤ ᠪᠠᠶᠢᠭᠤᠯᠬᠤ ᠶᠢ ᠳᠦᠯᠬᠢᠨ ᠠᠬᠢᠭᠤᠯᠤᠨ᠎ᠠ᠃ ᠣᠷᠣᠨ ᠰᠠᠭᠤᠴᠠ ᠶᠢ ᠪᠦᠷᠢᠨ ᠵᠠᠰᠠᠵᠤ ᠴᠢᠮᠡᠭᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠣᠷᠣᠯᠠᠭᠤᠯᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠡᠯᠡᠨ ᠣᠷᠣᠨ ᠰᠠᠭᠤᠴᠠ ᠶᠢ ᠵᠠᠰᠠᠵᠤ ᠴᠢᠮᠡᠭᠯᠡᠬᠦ᠂ ᠣᠷᠴᠢᠨ ᠲᠣᠭᠤᠷᠢᠨ ᠢ ᠬᠠᠮᠠᠭᠠᠯᠠᠬᠤ ᠪᠠ ᠬᠡᠷ ᠳᠣᠲᠣᠷᠠᠬᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠲᠠ ᠶᠢᠨ ᠭᠤᠤᠯ ᠲᠣᠭᠤᠷᠢᠭ ᠤᠨ ᠬᠡᠪᠴᠢᠶᠡᠨ ᠳᠠᠬᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠳᠤ ᠪᠠᠷᠢᠯᠭ᠎ᠠ ᠶᠢᠨ ᠪᠦᠷᠢᠨ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠨᠢᠭᠡ ᠣᠳᠣᠨ ᠲᠠᠰ᠂ ᠬᠤᠶᠠᠷ ᠣᠳᠣᠨ ᠲᠠᠰ᠂ ᠭᠤᠷᠪᠠᠨ ᠣᠳᠣᠨ ᠲᠠᠰ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠰᠢᠨ᠎ᠡ ᠪᠠᠷ ᠪᠠᠶᠢᠭᠤᠯᠤᠭᠰᠠᠨ ᠪᠣᠬᠢᠷᠲᠤᠯ ᠥᠬᠡᠶ ᠪᠠᠷᠢᠯᠭ᠎ᠠ ᠶᠢᠨ ᠣᠷᠣᠨ ᠰᠠᠭᠤᠴᠠ ᠶᠢ ᠴᠦᠮ ᠪᠦᠷᠢᠨ ᠵᠠᠰᠠᠵᠤ  ᠴᠢᠮᠡᠨ᠎ᠡ᠃      ︵ᠳᠣᠯᠤᠭ᠎ᠠ︶ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠬᠦᠭᠵᠢᠯᠲᠡ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠦᠷᠦ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃  ᠨᠢᠭᠲᠠ ᠴᠢᠩᠭᠠᠯᠢᠭ ᠰᠢᠷᠪᠦᠰᠦ ᠪᠤᠯᠤᠳᠠ᠂ ᠴᠢᠳᠠᠮᠵᠢ ᠰᠠᠶᠢᠲᠠᠢ ᠪᠤᠲ᠋ᠣᠨ᠂ ᠴᠢᠳᠠᠮᠵᠢ ᠰᠠᠶᠢᠲᠠᠢ ᠦᠷᠦᠮᠡᠯ ᠮᠠᠲ᠋ᠧᠷᠢᠶᠠᠯ᠂ ᠵᠢᠭᠤᠷᠠᠭᠰᠠᠨ ᠰᠢᠷᠤᠢ᠂ ᠳᠤᠯᠠᠭᠠᠨ ᠬᠠᠳᠠᠭᠠᠯᠠᠬᠤ ᠪᠦᠲᠦᠴᠡ ᠶᠢ ᠨᠢᠭᠡ ᠴᠣᠠᠠᠴᠠᠵᠢᠭᠤᠯᠥᠠᠠᠰᠠᠨ ᠬᠡᠷᠡᠮ ᠤᠨ ᠬᠠᠪᠲᠠᠰᠤ ᠵᠡᠷᠭᠡ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠶᠡᠬᠡᠪᠡᠷ ᠬᠥᠭᠵᠢᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠪᠣᠬᠢᠷᠲᠤᠯ ᠥᠬᠡᠶ ᠦᠢᠯᠡᠳᠬᠦᠨ ᠤ ᠬᠡᠷᠡᠭᠯᠡᠭᠡ ᠶᠢ ᠬᠥᠲᠥᠯᠦᠨ ᠵᠢᠯᠣᠭᠤᠳᠴᠤ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠢ ᠠᠬᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠪᠤᠶᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠨ ᠪᠥᠲᠥᠭᠡᠨ ᠪᠠᠶᠢᠭᠤᠯᠬᠤ ᠲᠥᠷᠥᠯ ᠵᠦᠢᠯ ᠵᠢᠴᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠷᠣᠨ ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠭᠡᠷᠡᠴᠢᠯᠡᠯ ᠣᠯᠤᠭᠰᠠᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠤᠷᠢᠳᠠᠪᠠᠷ ᠬᠡᠷᠡᠭᠯᠡᠬᠦ ᠶᠢ ᠲᠦᠯᠬᠢᠨ ᠠᠬᠢᠭᠤᠯᠤᠨ᠎ᠠ᠃    ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ ᠴᠤᠭᠴᠠᠵᠢᠭᠤᠯᠬᠤ ᠶᠢ ᠢᠳᠡᠪᠬᠢᠲᠡᠶ  ᠬᠡᠷᠡᠭᠵᠢᠭᠦᠯᠦᠨ᠎ᠡ᠃ ᠦᠢᠯᠡᠳᠪᠦᠷᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠴᠤᠭᠴᠠᠵᠢᠭᠤᠯᠤᠭᠰᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠵᠤ᠂ ᠭᠠᠷ ᠤᠷᠠᠯᠠᠯ ᠲᠤᠨᠤᠭ ᠲᠦᠬᠦᠭᠡᠷᠥᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠶᠠᠰᠤ ᠴᠢᠨᠠᠷ ᠢ ᠪᠠᠲᠤᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠢᠭᠡ ᠴᠤᠭᠴᠠᠵᠢᠭᠤᠯᠤᠭᠰᠠᠨ ᠮᠡᠷᠭᠡᠵᠢᠯ ᠲᠠᠢ ᠦᠢᠯᠡᠳᠬᠦᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ᠎ᠠ᠃ ᠮᠠᠨ ᠤ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠪᠣᠬᠢᠷᠲᠤᠯ ᠦᠭᠡᠢ ᠪᠠᠷᠢᠯᠭ᠎ᠠ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠳᠤ ᠨᠢᠭᠡ ᠴᠤᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠶᠢ ᠠᠬᠢᠭᠤᠯᠤᠨ᠎ᠠ᠃      ︽ᠲᠥᠷᠪᠡᠨ ᠰᠢᠨ᠎ᠡ︾ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠶᠠᠨᠳᠠᠭᠠᠨ ᠨᠠᠷᠠᠨ ᠤ ᠭᠡᠷᠡᠯ ᠳᠤᠰᠤᠬᠤ᠂ ᠰᠠᠯᠬᠢ ᠨᠡᠪᠲᠡᠷᠡᠬᠦ᠂ ᠪᠣᠷᠣᠭᠠᠨ ᠤ ᠤᠰᠤ ᠶᠢ  ᠴᠤᠭᠯᠠᠭᠤᠯᠬᠤ᠂ ᠴᠡᠪᠡᠷᠵᠢᠬᠦᠨ ᠤᠰᠤ ᠶᠢ ᠠᠰᠢᠭᠯᠠᠬᠤ᠂ ᠤᠰᠤ ᠠᠷᠪᠢᠯᠠᠬᠤ᠂ ᠲᠠᠭᠤ ᠬᠥᠨᠳᠡᠶᠢᠷᠡᠭᠦᠯᠬᠦ ᠵᠡᠷᠭᠡ ᠪᠣᠯᠪᠠᠰᠤᠷᠠᠩᠭᠤᠶ ᠪᠤᠯᠤᠭᠰᠠᠨ ᠮᠡᠷᠭᠡᠵᠢᠯ ᠤᠨ ᠦᠢᠯᠡᠳᠬᠦᠨ ᠢ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠴᠢᠯᠠᠭᠤ᠂ ᠨᠡᠭᠦᠷᠡᠰᠦᠨ ᠨᠤᠨᠲᠠᠭ ᠤᠨ ᠦᠨᠡᠰᠦ᠂ ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠲᠦᠭᠦᠬᠡᠶ ᠮᠠᠲ᠋ᠧᠷᠢᠶᠠᠯ ᠪᠣᠯᠭᠠᠨ ᠬᠡᠷᠡᠮ ᠤᠨ ᠮᠠᠲ᠋ᠧᠷᠢᠶᠠᠯ  ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ ᠲᠠᠸᠠᠷ ᠤᠨ ᠬᠡᠷ ᠪᠠᠶᠢᠰᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠨᠢᠭᠡᠴᠡ ᠶᠢ ᠬᠥᠲᠥᠯᠦᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠨᠡᠯᠡᠯᠲᠡ ᠶᠢᠨ ᠲᠡᠮᠳᠡᠭ ᠢ ᠣᠯᠤᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ᠂ ᠮᠠᠲ᠋ᠧᠷᠢᠶᠠᠯ᠂ ᠦᠢᠯᠡᠳᠬᠦᠨ ᠪᠠ ᠲᠥᠬᠦᠭᠡᠷᠦᠮᠵᠢ ᠶᠢ ᠤᠷᠢᠳᠠᠪᠠᠷ ᠰᠣᠩᠭᠤᠨ ᠬᠡᠷᠡᠭᠯᠡᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠯᠲᠡ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      ︵ᠨᠠᠢᠮᠠ︶ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ  ᠳᠤ ᠬᠡᠷᠡᠭᠯᠡᠬᠦ ᠬᠡᠪᠴᠢᠶ᠎ᠡ ᠶᠢ  ᠦᠷᠭᠡᠳᠭᠡᠨ᠎ᠡ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠨᠡᠷᠡᠨ ᠡᠨᠧᠷᠭᠢ᠂ ᠭᠦᠶᠦᠭᠡᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ ᠰᠢᠨ᠎ᠡ ᠡᠨᠧᠷᠭᠢ ᠶᠢᠨ ᠪᠠᠷᠢᠯᠭ᠎ᠠ ᠳᠠᠬᠢ ᠬᠡᠷᠡᠭᠯᠡᠯᠲᠡ ᠶᠢ ᠲᠥᠯᠬᠢᠨ ᠠᠬᠢᠭᠤᠯᠵᠤ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠩ ᠤᠨ ᠡᠨᠧᠷᠭᠢ ᠶᠢᠨ ᠬᠡᠷᠡᠭᠯᠡᠯᠲᠡ ᠶᠢ ᠪᠠᠭᠠᠰᠬᠠᠨ᠎ᠠ᠃ 12 ᠳᠠᠪᠬᠤᠷ ᠬᠦᠷᠬᠦ ᠦᠭᠡᠢ ᠣᠷᠣᠨ ᠰᠠᠭᠤᠴᠠ ᠶᠢᠨ ᠪᠠᠷᠢᠯᠭ᠎ᠠ ᠪᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ ᠤᠬᠢᠶᠠᠯᠭ᠎ᠠ ᠶᠢᠨ ᠦᠷᠦᠬᠡ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ ᠡᠨᠧᠷᠭᠢ ᠶᠢᠨ ᠬᠡᠷᠡᠯ ᠢᠯᠴᠢ ᠬᠡᠷᠡᠭᠯᠡᠬᠦ ᠪᠠᠷᠢᠯᠭ᠎ᠠ ᠶᠢᠨ ᠨᠢᠭᠡ ᠴᠤᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠶᠢ ᠳᠥᠯᠭᠢᠨ ᠠᠬᠢᠭᠤᠯᠤᠨ᠎ᠠ᠃ ᠬᠤᠲᠠ ᠪᠠᠯᠭᠠᠰᠤ ᠶᠢᠨ ᠪᠠᠷᠢᠯᠭ᠎ᠠ ᠳᠤ ᠨᠡᠷᠡᠨ ᠡᠨᠧᠷᠭᠢ ᠶᠢᠨ ᠬᠡᠷᠡᠯ ᠴᠡᠨᠡᠭ ᠤᠨ ᠲᠠᠷᠬᠠᠯᠲᠠ ᠶᠢᠨ ᠬᠡᠯᠪᠡᠷᠢ ᠲᠠᠢ᠂ ᠨᠢᠭᠡ ᠴᠤᠭᠴᠠᠵᠢᠭᠤᠯᠤᠨ ᠬᠡᠷᠡᠭᠯᠡᠬᠦ ᠶᠢ ᠳᠡᠯᠭᠡᠷᠡᠭᠦᠯᠦᠨ᠎ᠡ︔ ᠨᠥᠬᠦᠴᠡᠯ ᠪᠦᠷᠢᠳᠦᠭᠦᠯᠦᠭᠰᠡᠨ ᠣᠷᠣᠨ ᠰᠠᠭᠤᠴᠠ ᠶᠢᠨ ᠪᠠᠷᠢᠯᠭ᠎ᠠ ᠪᠠ ᠪᠤᠰᠤᠳ ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ ᠤ ᠡᠨᠧᠷᠭᠢ ᠶᠢᠨ ᠤᠰᠤ ᠬᠠᠯᠠᠭᠠᠬᠤ ᠰᠢᠰᠲ᠋ᠧᠮ ᠢ ᠨᠢᠭᠡᠳᠦᠯᠲᠡᠶ ᠵᠢᠷᠤᠵᠤ ᠲᠥᠯᠥᠪᠯᠡᠬᠦ ᠪᠠ ᠤᠭᠰᠠᠷᠠᠨ ᠬᠡᠷᠡᠭᠯᠡᠬᠦ ᠶᠢ ᠵᠣᠷᠢᠭᠵᠢᠭᠤᠯᠤᠨ᠎ᠠ︔ ᠨᠡᠷᠡᠨ ᠡᠨᠧᠷᠭᠢ ᠶᠢᠨ ᠬᠡᠷᠡᠯ ᠴᠠᠬᠢᠯᠭᠠᠨ ᠢ ᠪᠠᠷᠢᠯᠭ᠎ᠠ ᠳᠤ ᠨᠢᠭᠡ ᠴᠤᠭᠴᠠᠵᠢᠭᠤᠯᠤᠨ ᠬᠡᠷᠡᠭᠯᠡᠬᠦ ᠶᠢ ᠠᠬᠢᠭᠤᠯᠵᠤ᠂ ᠣᠷᠣᠨ ᠰᠠᠭᠤᠴᠠ ᠶᠢᠨ ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠵᠠᠶ᠂ ᠪᠠᠷᠢᠯᠭ᠎ᠠ ᠶᠢᠨ ᠬᠦᠷᠢᠶ᠎ᠡ ᠬᠠᠰᠢᠶ᠎ᠠ ᠳᠤ ᠨᠡᠷᠡᠨ ᠡᠨᠧᠷᠭᠢ ᠶᠢᠨ ᠬᠡᠷᠡᠯ ᠴᠡᠨᠡᠭ ᠤᠨ ᠭᠡᠷᠡᠯᠲᠦᠭᠦᠯᠭᠡ ᠶᠢ ᠬᠡᠷᠡᠭᠯᠡᠬᠦ ᠶᠢ ᠲᠦᠯᠬᠢᠨ ᠠᠬᠢᠭᠤᠯᠤᠨ᠎ᠠ᠃      ︵ᠶᠢᠰᠦ︶ ᠪᠣᠬᠢᠷᠲᠤᠯ ᠥᠬᠡᠶ ᠪᠠᠷ ᠪᠠᠷᠢᠯᠭ᠎ᠠ ᠪᠠᠷᠢᠬᠤ ᠪᠠ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠠᠬᠢᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ ᠶᠢᠨ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠲᠡᠷᠢᠭᠦᠨ ᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠪᠠᠷᠢᠯᠭ᠎ᠠ ᠶᠢᠨ ᠠᠵᠢᠯ ᠤᠨ ᠲᠣᠭᠤᠰᠣ ᠰᠢᠷᠣᠶ ᠶᠢ ᠵᠠᠰᠠᠬᠤ᠂ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ᠂ ᠬᠤᠭ ᠰᠢᠷᠣᠶ ᠲᠡᠭᠡᠭᠡᠪᠦᠷᠢᠯᠡᠬᠦ᠂ ᠲᠠᠭᠤ ᠱᠤᠤᠭᠢᠶᠠᠨ ᠤ ᠪᠣᠬᠢᠷᠲᠤᠯ᠂ ᠵᠠᠳᠠᠯᠤᠨ ᠰᠠᠯᠭᠠᠵᠤ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠳᠥᠷᠪᠡ ᠶᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ︾ ︵ᠡᠨᠧᠷᠭᠢ ᠠᠷᠪᠢᠯᠠᠬᠤ᠂ ᠭᠠᠵᠠᠷ ᠰᠢᠷᠤᠢ ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ︶ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠶᠡᠭᠡ ᠬᠡᠮᠵᠢᠶ᠎ᠡ ᠪᠠᠷ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠵᠤ᠂ ᠪᠠᠷᠢᠯᠭ᠎ᠠ ᠶᠢᠨ ᠭᠠᠵᠠᠷ ᠤᠨ ᠪᠣᠬᠢᠷᠲᠤᠯ ᠥᠬᠡᠶ ᠪᠠᠷᠢᠯᠭ᠎ᠠ ᠪᠠᠷᠢᠬᠤ ᠪᠠ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠣᠬᠢᠷᠲᠤᠯ ᠥᠭᠡᠢ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠠᠬᠢ ᠳᠡᠭᠡᠷ᠎ᠡ ᠬᠢᠨᠠᠨ ᠰᠢᠨᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠲᠠᠯᠠᠪᠠᠶ ᠨᠢ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠯᠠᠬᠤ ᠪᠠᠷᠢᠯᠭ᠎ᠠ ᠪᠠ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠣᠯᠠᠨ ᠨᠡᠶᠢᠲᠡ ᠶᠢᠨ ᠪᠠᠷᠢᠯᠭ᠎ᠠ ᠳᠤ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ ᠰᠢᠨᠵᠢᠬᠦ ᠰᠢᠰᠲ᠋ᠧᠮ ᠢ ᠤᠭᠰᠠᠷᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ  ᠪᠠᠶᠢᠭᠤᠯᠭ᠎ᠠ ᠶᠢᠨ ᠠᠯᠪᠠᠯᠠᠬᠤ ᠪᠠᠷᠢᠯᠭ᠎ᠠ ᠪᠠ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠬᠤᠷᠤᠭᠳᠠᠯ ᠢ ᠬᠢᠨᠠᠨ ᠰᠢᠨᠵᠢᠬᠦ ᠲᠠᠪᠴᠠᠩ ᠯᠤᠭ᠎ᠠ ᠵᠠᠯᠭᠠᠵᠤ᠂ ᠡᠨᠧᠷᠭᠢ ᠶᠢᠨ ᠬᠤᠷᠤᠭᠳᠠᠯ ᠢ ᠴᠠᠭ ᠲᠤᠬᠠᠶ ᠳᠤᠨᠢ ᠬᠢᠨᠠᠨ ᠰᠢᠨᠵᠢᠬᠦ ᠵᠢᠴᠢ ᠲᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ ᠳᠠᠮᠵᠢᠭᠤᠯᠬᠤ ᠶᠢ ᠪᠡᠶᠡᠯᠡᠭᠦᠯᠦᠨ᠎ᠡ᠃ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠢ ᠪᠦᠷᠢᠳᠬᠡᠬᠦ ᠲᠦᠷᠢᠮ ᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠮᠡᠳᠡᠭᠡ ᠵᠠᠩᠭᠢ ᠶᠢ ᠪᠦᠷᠢᠳᠬᠡᠨ ᠮᠡᠳᠡᠭᠦᠯᠦᠨ ᠬᠦᠷᠭᠡᠬᠦ ᠲᠦᠷᠢᠮ ᠢ ᠰᠠᠶᠢᠲᠤᠷ ᠬᠢᠵᠦ᠂ ᠪᠦᠬᠦ ᠬᠤᠳᠠ ᠶᠢᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠪᠦᠬᠦ ᠲᠠᠯ᠎ᠠ ᠪᠠᠷ ᠡᠵᠡᠮᠰᠢᠨ᠎ᠡ᠃      ︵ᠠᠷᠪᠠ︶ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠲᠤᠮᠤ ᠬᠡᠯᠪᠡᠷᠢ ᠶᠢᠨ ᠠᠵᠤ ᠠᠬᠤᠶᠢᠯᠠᠯ ᠵᠡᠷᠭᠡ ᠳᠤ ᠲᠦᠰᠢᠭᠯᠡᠨ᠂ ᠪᠣᠬᠢᠷᠲᠤᠯ ᠥᠭᠡᠢ ᠪᠠᠷᠢᠯᠭ᠎ᠠ ᠶᠢᠨ ᠮᠡᠷᠭᠡᠵᠢᠯ ᠤᠨ ᠨᠡᠶᠢᠳᠭᠡᠨ ᠵᠢᠱᠢᠶ᠎ᠡ ᠦᠵᠡᠭᠦᠯᠬᠦ ᠶᠢ  ᠦᠷᠨᠢᠭᠦᠯᠦᠨ᠎ᠡ᠃ ᠪᠣᠬᠢᠷᠲᠤᠯ ᠥᠭᠡᠢ ᠪᠠᠷᠢᠯᠭ᠎ᠠ ᠶᠢᠨ ᠨᠡᠶᠢᠲᠡᠯᠢᠭ ᠴᠢᠨᠠᠷ ᠪᠣᠯᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠂ ᠤᠳᠤ ᠶᠢᠨ ᠪᠠᠶᠢᠭ᠎ᠠ ᠥᠪᠡᠷ ᠤᠨ ᠥᠷᠳᠡᠭ ᠢᠶᠠᠷ ᠳᠣᠣᠷ᠎ᠠ ᠤᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ BIM ︵ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ︶ ᠤᠨ ᠮᠡᠷᠭᠡᠵᠢᠯ ᠤᠨ ᠬᠡᠷᠡᠭᠯᠡᠯᠲᠡ᠂ ᠤᠰᠤ ᠠᠷᠪᠢᠯᠠᠬᠤ ᠬᠢᠭᠡᠳ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠥᠭᠡᠢ ᠪᠠᠷᠢᠯᠭ᠎ᠠ ᠶᠢᠨ ᠮᠠᠲ᠋ᠧᠷᠢᠶᠠᠯ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ᠂ ᠣᠷᠴᠢᠨ ᠲᠣᠭᠤᠷᠢᠨ ᠤ ᠶᠠᠰᠤ ᠴᠢᠨᠠᠷ ᠢ ᠡᠵᠡᠮᠳᠡᠬᠦ᠂ ᠪᠠᠷᠢᠯᠭ᠎ᠠ ᠶᠢᠨ ᠳᠠᠭᠠᠭᠠᠮᠠᠭᠠᠶ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠢᠪᠲᠤᠯᠤᠨ  ᠰᠢᠢᠳᠪᠦᠷᠢᠯᠡᠨ᠎ᠡ᠃ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠤᠨ ᠮᠡᠷᠭᠡᠵᠢᠯ ᠤᠨ ᠰᠤᠳᠤᠯᠤᠨ ᠨᠡᠭᠡᠭᠡᠬᠦ ᠶᠢ ᠳᠡᠮᠵᠢᠵᠦ᠂ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠪᠠ ᠬᠡᠲᠦ ᠳᠤᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ ᠶᠢᠨ ᠵᠢᠱᠢᠶ᠎ᠡ ᠶᠢ ᠤᠯᠤᠰ ᠵᠢᠴᠢ ᠮᠤᠵᠢ ᠶᠢᠨ ᠳᠡᠰ ᠤᠨ ᠪᠣᠬᠢᠷᠲᠤᠯ ᠥᠬᠡᠶ ᠪᠠᠷᠢᠯᠭ᠎ᠠ ᠳᠤ ᠰᠢᠨ᠎ᠡ ᠶᠢ ᠡᠭᠦᠳᠦᠭᠰᠡᠨ ᠱᠠᠩᠨᠠᠯ ᠳᠤ ᠮᠡᠳᠡᠭᠦᠯᠬᠦ ᠶᠢ ᠳᠡᠮᠵᠢᠵᠦ᠂ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠨ᠎ᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ᠂ ᠬᠤᠲᠠ ᠶᠢᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠲᠥᠪ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠬᠢᠨᠠᠨ ᠬᠠᠮᠢᠶᠠᠷᠬᠤ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠭᠡᠰᠢᠭᠦᠨ ᠨᠢᠭᠡᠴᠡ ᠪᠣᠯᠭᠠᠭᠰᠠᠨ ᠬᠥᠬᠡᠬᠤᠲᠠ ᠶᠢᠨ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠪᠣᠬᠢᠷᠲᠤᠯ ᠥᠬᠡᠶ ᠪᠠᠷᠢᠯᠭ᠎ᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠬᠠᠷᠠᠯᠲᠠ᠂ ᠶᠡᠷᠦᠩᠬᠡᠶ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠵᠤ᠂ ᠡᠯ᠎ᠡ ᠭᠡᠰᠢᠭᠦᠨ ᠨᠢᠭᠡᠴᠡ ᠶᠢ ᠵᠣᠬᠢᠶᠠᠨ ᠪᠠᠶᠢᠭᠤᠯᠤᠨ ᠠᠵᠢᠯ ᠤᠨ ᠬᠠᠷᠠᠯᠲᠠ ᠶᠣᠰᠣᠭᠠᠷ ᠪᠣᠬᠢᠷᠲᠤᠯ ᠥᠬᠡᠶ ᠪᠠᠷᠢᠯᠭ᠎ᠠ ᠶᠢᠨ ᠠᠵᠢᠯᠯᠠᠭ᠎ᠠ ᠪᠠ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠡᠨᠧᠷᠭᠢ ᠶᠢᠨ ᠬᠤᠷᠤᠭᠳᠠᠯ ᠢ ︽ᠬᠤᠤᠰ ᠡᠵᠡᠮᠳᠡᠬᠦ︾ ᠠᠵᠢᠯ ᠢ ᠯᠠᠪᠳᠠᠭᠤᠨ ᠢᠶᠠᠷ ᠠᠬᠢᠭᠤᠯᠵᠤ᠂ ᠪᠥᠬᠦ ᠬᠤᠲᠠ ᠶᠢᠨ ᠪᠣᠬᠢᠷᠲᠤᠯ ᠥᠬᠡᠶ ᠪᠠᠷᠢᠯᠭ᠎ᠠ ᠶᠢᠨ ᠠᠵᠢᠯᠯᠠᠭ᠎ᠠ ᠪᠠ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠡᠨᠧᠷᠭᠢ ᠶᠢᠨ ᠬᠤᠷᠤᠭᠳᠠᠯ ᠢ ︽ᠬᠤᠤᠰ ᠡᠵᠡᠮᠳᠡᠬᠦ︾ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠬᠤᠷᠠᠯ ᠬᠤᠷᠠᠯᠳᠤᠭᠤᠯᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠳᠣᠭᠢᠷᠠᠭᠤᠯᠬᠤ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃     ︵ᠬᠤᠶᠠᠷ︶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠢᠭᠡ ᠳᠤ᠂ ︽ᠪᠣᠬᠢᠷᠲᠤᠯ ᠥᠬᠡᠶ ᠪᠠᠷᠢᠯᠭ᠎ᠠ ᠶᠢᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠠᠷᠤᠳᠠᠯ ᠢ ᠬᠠᠰᠤᠵᠤ ᠭᠡᠯᠳᠦᠷᠢᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2014 ︺ 246 ᠳ᠋ᠤᠭᠠᠷ ᠲᠣᠭᠠᠲᠤ︶ ᠵᠡᠷᠭᠡ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠳᠡᠮᠵᠢᠬᠦ ᠬᠤᠯᠪᠣᠭᠳᠠᠯ ᠪᠥᠬᠦᠶ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠷᠪᠠᠨ ᠣᠳᠣᠨ ᠲᠠᠰ᠂ ᠬᠤᠶᠠᠷ ᠣᠳᠣᠨ ᠲᠠᠰ᠂ ᠨᠢᠭᠡ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠯᠲᠡ ᠶᠢᠨ ᠲᠡᠮᠳᠡᠭ ᠢ ᠣᠯᠤᠭᠰᠠᠨ ᠪᠠᠶᠢᠪᠠᠯ᠂ ᠬᠤᠲᠠ ᠶᠢᠨ ᠢᠵᠢ ᠪᠦᠷᠢᠳᠦᠭᠦᠯᠬᠦ ᠵᠠᠷᠤᠳᠠᠯ ᠢ ᠲᠣᠰ ᠲᠣᠰ 100%᠂ 70%᠂ 50% ᠶᠢ ᠬᠠᠰᠤᠵᠤ ᠭᠡᠯᠳᠦᠷᠢᠭᠦᠯᠦᠨ᠎ᠡ︔ ᠬᠤᠶᠠᠷ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠭᠲᠠᠭᠰᠠᠨ ᠵᠠᠷᠤᠳᠠᠯ ᠤᠨ ᠬᠡᠮᠵᠢᠶ᠎ᠡ ᠲᠤᠭ᠎ᠠ ︵2017 ᠣᠨ︶︾ ᠳᠠᠬᠢ ᠪᠣᠬᠢᠷᠲᠤᠯ ᠥᠬᠡᠶ ᠪᠠᠷᠢᠯᠭ᠎ᠠ ᠶᠢᠨ ᠪᠠᠷᠢᠯᠭ᠎ᠠ ᠶᠢᠨ ᠠᠵᠢᠯ ᠤᠨ ᠱᠠᠩᠨᠠᠯ ᠤᠨ ᠰᠦᠢᠳᠭᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠭᠡᠷ ᠣᠳᠣᠨ ᠳᠡᠰ ᠤᠨ ᠪᠣᠬᠢᠷᠲᠤᠯ ᠥᠬᠡᠶ ᠪᠠᠷᠢᠯᠭ᠎ᠠ ᠶᠢᠨ ᠲᠥᠷᠥᠯ ᠵᠦᠢᠯ ᠤᠨ ᠭᠠᠶᠢᠯᠢ ᠠᠴᠠ ᠡᠮᠦᠨᠡᠬᠢ ᠢᠨᠵᠧᠨᠧᠷᠢᠩ ᠤᠨ ᠶᠡᠷᠦᠩᠬᠡᠶ ᠦᠨ᠎ᠡ ᠶᠢ 0.3% ᠪᠠᠷ ᠨᠡᠮᠡᠵᠦ᠂ ᠬᠤᠶᠠᠷ ᠣᠳᠣᠨ ᠲᠠᠰ ᠤᠨ ᠬᠢ ᠶᠢ 0.7% ᠪᠠᠷ ᠨᠡᠮᠡᠵᠦ᠂ ᠭᠤᠷᠪᠠᠨ ᠣᠳᠣᠨ ᠲᠠᠰ ᠤᠨ ᠬᠢ ᠶᠢ 1.0% ᠪᠠᠷ ᠨᠡᠮᠡᠭᠳᠡᠭᠦᠯᠦᠨ᠎ᠡ︔ ᠭᠤᠷᠪᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠢᠱᠢᠶ᠎ᠡ ᠢᠨᠵᠧᠨᠧᠷᠢᠩ ᠢ ᠰᠢᠯᠭᠠᠷᠠᠭᠤᠯᠬᠤ ᠠᠷᠭ᠎ᠠ︾ ︵ᠥᠪᠥᠷ ᠪᠠᠷᠢᠯᠭ᠎ᠠ ᠠᠵᠢᠯ ︹ 2016 ︺ 293 ᠳ᠋ᠤᠭᠠᠷ ᠲᠣᠭᠠᠲᠤ︶ ᠶᠢ  ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠨᠥᠬᠦᠴᠡᠯ ᠳᠣᠤᠷ᠎ᠠ᠂ ᠪᠣᠬᠢᠷᠲᠤᠯ ᠥᠬᠡᠶ ᠪᠠᠷᠢᠯᠭ᠎ᠠ ᠶᠢᠨ ᠵᠢᠷᠤᠭ ᠲᠥᠯᠥᠪᠯᠡᠭᠡ ᠪᠤᠶᠤ ᠠᠵᠢᠯᠯᠠᠭᠠᠨ ᠤ ᠦᠨᠡᠯᠡᠯᠲᠡ ᠶᠢᠨ ᠲᠡᠮᠳᠡᠭ ᠤᠨ ᠨᠢᠭᠡ ᠣᠳᠣᠨ ᠲᠠᠰ ︵ᠪᠠᠭᠲᠠᠨ᠎ᠠ︶ ᠠᠴᠠ ᠳᠡᠭᠡᠭᠰᠢ ᠨᠢ ᠰᠢᠯᠢᠳᠡᠭ ᠵᠢᠱᠢᠶ᠎ᠡ ᠢᠨᠵᠧᠨᠧᠷᠢᠩ  ᠤᠨ ᠬᠡᠷ ᠪᠠᠶᠢᠰᠢᠩ ᠤᠨ ᠪᠠᠷᠢᠯᠭ᠎ᠠ ᠶᠢᠨ ᠢᠨᠵᠧᠨᠧᠷᠢᠩ ᠢ ᠭᠤᠶᠤᠴᠢᠯᠠᠨ ᠮᠡᠳᠡᠭᠦᠯᠵᠦ ᠪᠤᠯᠤᠨ᠎ᠠ᠂ ᠪᠣᠬᠢᠷᠲᠤᠯ ᠥᠬᠡᠶ ᠪᠠᠷᠢᠯᠭ᠎ᠠ ᠶᠢᠨ ᠵᠢᠷᠤᠭ ᠲᠥᠯᠥᠪᠯᠡᠭᠡ ᠪᠤᠶᠤ ᠠᠵᠢᠯᠯᠠᠭᠠᠨ ᠤ ᠦᠨᠡᠯᠡᠯᠲᠡ ᠶᠢᠨ ᠲᠡᠮᠳᠡᠭ ᠤᠨ ᠬᠤᠶᠠᠷ ᠣᠳᠣᠨ ᠲᠠᠰ ︵ᠪᠠᠭᠲᠠᠨ᠎ᠠ︶ ᠠᠴᠠ ᠳᠡᠭᠡᠭᠰᠢ ᠨᠢ ︽ᠲᠠᠯ᠎ᠠ ᠨᠤᠲᠤᠭ ᠬᠤᠨᠳᠠᠭᠠᠲᠤ︾ ᠬᠡᠷ ᠪᠠᠶᠢᠰᠢᠩ ᠤᠨ ᠪᠠᠷᠢᠯᠭ᠎ᠠ ᠶᠢᠨ ᠢᠨᠵᠧᠨᠧᠷᠢᠩ ᠢ ᠭᠤᠶᠤᠴᠢᠯᠠᠨ ᠮᠡᠳᠡᠭᠦᠯᠵᠦ ᠪᠤᠯᠤᠨ᠎ᠠ︔ ᠳᠥᠷᠪᠡ ᠳᠤ ︽ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2017 ︺156 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠂ ᠪᠠᠭᠲᠠᠭᠠᠮᠵᠢ ᠶᠢᠨ ᠨᠣᠷᠮ᠎ᠠ ᠶᠢᠨ ᠵᠥᠷᠢᠶᠡᠲᠦ ᠲᠣᠭᠠᠴᠠᠭ᠎ᠠ ᠬᠢᠬᠦ ᠶᠢ ᠬᠡᠷᠡᠭᠵᠢᠭᠦᠯᠵᠦ᠂ ᠤᠭᠰᠠᠷᠠᠮᠠᠯ ᠮᠠᠶ᠋ᠢᠭ ᠤᠨ ᠭᠠᠳᠠᠷ ᠬᠡᠷᠡᠮ ᠤᠨ ᠤᠷᠢᠳᠴᠢᠯᠠᠨ ᠦᠢᠯᠡᠳᠦᠭᠰᠡᠨ ᠬᠡᠰᠡᠭ ᠤᠨ ᠪᠠᠷᠢᠯᠭ᠎ᠠ ᠶᠢᠨ ᠲᠠᠯᠠᠪᠠᠶ ︵ᠲᠥᠯᠥᠪᠵᠢᠭᠦᠯᠭᠡ ᠶᠢᠨ ᠶᠡᠷᠦᠩᠬᠡᠶ ᠪᠠᠷᠢᠯᠭ᠎ᠠ ᠶᠢᠨ ᠲᠠᠯᠠᠪᠠᠶ ᠶᠢᠨ 3% ᠠᠴᠠ ᠬᠡᠲᠦᠷᠡᠬᠦ ᠥᠬᠡᠶ︶ ᠶᠢ ᠠᠷᠠᠯᠵᠢᠶ᠎ᠠ  ᠲᠤᠬᠢᠷᠠᠭᠰᠠᠨ ᠭᠠᠵᠠᠷ ᠤᠨ ᠪᠠᠭᠲᠠᠭᠠᠮᠵᠢ ᠶᠢᠨ ᠨᠣᠷᠮ᠎ᠠ ᠶᠢᠨ ᠲᠣᠭᠠᠴᠠᠭ᠎ᠠ ᠬᠢᠬᠦ ᠳᠤ ᠪᠤᠳᠤᠵᠤ ᠣᠷᠣᠭᠤᠯᠬᠤ ᠥᠬᠡᠶ ᠪᠠᠶᠢᠵᠤ ᠪᠣᠯᠤᠨ᠎ᠠ᠃      ︵ᠭᠤᠷᠪᠠ︶ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾ ᠵᠡᠷᠭᠡ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠣᠶ ᠪᠣᠯᠭᠠᠬᠤ ᠬᠡᠷᠡᠭᠲᠡᠶ᠃ ᠭᠠᠵᠠᠷ ᠰᠢᠷᠣᠶ ᠶᠢ ᠬᠤᠳᠠᠯᠳᠤᠬᠤ ᠭᠤᠭᠴᠤᠭ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠬᠢᠷᠲᠤᠯ ᠥᠭᠡᠢ ᠪᠠᠷᠢᠯᠭ᠎ᠠ ᠶᠢᠨ ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠬᠤᠳᠠᠯᠳᠤᠨ ᠦᠭᠬᠦ ᠨᠥᠬᠦᠴᠡᠯ ᠳᠤ ᠣᠷᠣᠭᠤᠯᠵᠤ᠂ ᠬᠤᠳᠠᠯᠳᠤᠬᠤ ᠪᠢᠴᠢᠭ ᠮᠠᠲ᠋ᠧᠷᠢᠶᠠᠯ ᠨᠠᠶᠢᠷᠠᠭᠤᠯᠤᠨ ᠵᠣᠬᠢᠶᠠᠬᠤ ᠳᠤ ᠪᠠᠨ ᠪᠣᠬᠢᠷᠲᠤᠯ ᠥᠭᠡᠢ ᠪᠠᠷᠢᠯᠭ᠎ᠠ ᠶᠢᠨ ᠤᠳᠤᠨ ᠲᠡᠰ ᠢ ᠲᠣᠳᠣᠷᠬᠠᠶᠢᠯᠠᠬᠤ ᠬᠡᠷᠡᠭᠲᠡᠶ᠃ ᠲᠦᠰᠦᠯ ᠲᠣᠭᠲᠠᠭᠠᠬᠤ ᠶᠢ ᠬᠢᠨᠠᠨ ᠪᠠᠶᠢᠴᠠᠭᠠᠬᠤ ᠭᠤᠭᠴᠤᠭ᠎ᠠ ᠳᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠬᠢᠷᠲᠤᠯ ᠥᠬᠡᠶ ᠶᠢᠨ ᠭᠦᠢᠴᠡᠳᠭᠡᠯ ᠲᠤᠭ᠎ᠠ ᠶᠢ ᠬᠢᠨᠠᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠦᠨᠡᠯᠡᠨ ᠵᠢᠱᠢᠵᠦ ᠬᠢᠨᠠᠨ ᠪᠠᠶᠢᠴᠠᠭᠠᠬᠤ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠪᠠ ᠬᠢᠨᠠᠨ ᠪᠠᠶᠢᠴᠠᠭᠠᠬᠤ ᠲᠦᠷᠢᠮ ᠲᠠᠢ ᠤᠶᠠᠯᠳᠤᠭᠤᠯᠤᠨ᠂ ᠪᠣᠬᠢᠷᠲᠤᠯ ᠥᠬᠡᠶ ᠪᠠᠷᠢᠯᠭ᠎ᠠ ᠶᠢᠨ ᠬᠠᠮᠢᠶ᠎ᠠ ᠪᠥᠬᠦᠶ  ᠭᠦᠢᠴᠡᠳᠭᠡᠯ ᠲᠤᠭ᠎ᠠ ᠶᠢ ᠬᠢᠨᠠᠨ ᠪᠠᠶᠢᠴᠠᠭᠠᠬᠤ ᠠᠭᠤᠯᠭ᠎ᠠ ᠳᠤ ᠨᠡᠮᠡᠬᠦ ᠬᠡᠷᠡᠭᠲᠡᠶ᠃ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠭᠤᠭᠴᠤᠭ᠎ᠠ ᠳᠤ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠨᠥᠬᠦᠴᠡᠯ ᠳᠤ ᠪᠣᠬᠢᠷᠲᠤᠯ ᠥᠭᠡᠢ ᠪᠠᠷᠢᠯᠭ᠎ᠠ ᠶᠢᠨ ᠵᠡᠷᠭᠡ ᠳᠡᠰ ᠤᠨ  ᠭᠦᠢᠴᠡᠳᠭᠡᠯ ᠲᠤᠭ᠎ᠠ ᠶᠢ ᠲᠣᠳᠣᠷᠬᠠᠶᠢᠯᠠᠬᠤ ᠬᠡᠷᠡᠭᠲᠡᠶ᠃ ᠪᠠᠷᠢᠯᠭ᠎ᠠ ᠪᠠᠷᠢᠬᠤ ᠵᠢᠷᠤᠭ ᠢ ᠬᠢᠨᠠᠨ ᠪᠠᠶᠢᠴᠠᠭᠠᠬᠤ ᠭᠤᠭᠴᠤᠭ᠎ᠠ ᠳᠤ᠂ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠷᠢᠯᠭ᠎ᠠ ᠪᠠᠷᠢᠬᠤ ᠵᠢᠷᠤᠭ ᠲᠤ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠪᠠᠶᠢᠭᠤᠯᠤᠮᠵᠢ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠣᠯᠤᠨ ᠪᠣᠬᠢᠷᠲᠤᠯ ᠦᠬᠡᠢ ᠪᠠᠷᠢᠯᠭ᠎ᠠ ᠶᠢᠨ ᠪᠠᠷᠢᠮᠵᠢᠶ᠎ᠠ ᠶᠣᠰᠣᠭᠠᠷ ᠪᠠᠷᠢᠯᠭ᠎ᠠ ᠪᠠᠷᠢᠬᠤ ᠵᠢᠷᠤᠭ ᠲᠤ ᠲᠤᠰᠬᠠᠶ ᠵᠦᠢᠯ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠢᠴᠢᠭ ᠲᠤ ᠪᠣᠬᠢᠷᠲᠤᠯ ᠦᠬᠡᠢ ᠪᠠᠷᠢᠯᠭ᠎ᠠ ᠶᠢᠨ ᠤᠳᠤᠨ ᠳᠡᠰ ᠢ ᠲᠣᠳᠣᠷᠬᠠᠶᠢᠯᠠᠬᠤ ᠬᠡᠷᠡᠭᠲᠡᠶ᠃ ᠡᠯ᠎ᠡ ᠱᠠᠲᠤᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ  ᠶᠢᠨ ᠱᠠᠲᠤᠨ ᠳᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ  ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ ᠳᠠᠷᠠᠭᠠᠯᠠᠯ ᠳᠤ ᠤᠷᠤᠭᠤᠯᠬᠤ ᠶᠢᠨ ᠬᠠᠮᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠭᠡᠢ ᠪᠠᠷᠢᠯᠭ᠎ᠠ ᠶᠢ ᠲᠤᠰᠬᠠᠶ ᠵᠦᠢᠯ ᠢᠶᠠᠷ ᠰᠢᠯᠭᠠᠨ ᠠᠪᠴᠤ᠂ ᠲᠤᠰᠬᠠᠶ ᠵᠦᠢᠯ ᠢᠶᠠᠷ ᠰᠢᠯᠭᠠᠨ ᠠᠪᠤᠭᠰᠠᠨ ᠮᠡᠳᠡᠭᠦᠯᠦᠯᠲᠡ ᠶᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠭᠤᠭᠴᠤᠭ᠎ᠠ ᠳᠤ ᠣᠷᠣᠭᠤᠯᠬᠤ ᠶᠢᠨ ᠵᠡᠷᠭᠡᠴᠡᠪᠡᠷ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠪᠣᠬᠢᠷᠲᠤᠯ ᠥᠭᠡᠢ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠬᠢᠨᠠᠯᠲᠠ ᠶᠢ ᠲᠠᠯᠪᠢᠨ ᠬᠠᠮᠢᠶᠠᠷᠬᠤ ᠪᠠᠨ ᠴᠢᠩᠭᠠᠳᠬᠠᠨ᠂ ᠡᠯ᠎ᠡ ᠵᠦᠢᠯ  ᠤᠨ ᠱᠠᠭᠠᠷᠳᠠᠯᠭ᠎ᠠ ᠶᠢ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠳᠥᠷᠪᠡ︶ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠨ ᠰᠢᠯᠭᠠᠬᠤ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰ ᠬᠡᠷᠡᠭᠵᠢᠭᠦᠯᠬᠦ ᠲᠥᠰᠦᠯ ᠤᠨ ᠠᠵᠢᠯ ᠤᠨ ᠬᠠᠷᠠᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠣᠨ ᠤ ᠬᠠᠷᠠᠯᠲᠠ᠂ ᠠᠵᠢᠯ ᠤᠨ ᠡᠭᠦᠷᠭᠡ ᠶᠢ ᠵᠠᠳᠠᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠲᠣᠭᠲᠠᠴᠠ ᠪᠣᠯᠤᠨ ᠠᠮᠵᠢᠯᠲᠠ ᠪᠦᠲᠦᠮᠵᠢ ᠶᠢ ᠦᠨᠡᠯᠡᠨ ᠰᠢᠯᠭᠠᠬᠤ ᠠᠷᠭ᠎ᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠪᠠᠷᠢᠮᠵᠢᠶ᠎ᠠ ᠪᠣᠯᠤᠨ ᠪᠣᠬᠢᠷᠲᠤᠯ ᠥᠭᠡᠢ ᠪᠠᠷᠢᠯᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠮᠢᠶ᠎ᠠ ᠪᠥᠬᠦᠢ ᠦᠨᠡᠯᠡᠨ ᠰᠢᠯᠭᠠᠬᠤ ᠰᠢᠰᠲ᠋ᠧᠮᠵᠢ ᠪᠣᠯᠤᠨ ᠬᠤᠳᠠ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ ᠰᠢᠰᠲ᠋ᠧᠮ ᠳᠤ ᠣᠷᠣᠭᠤᠯᠵᠤ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠲᠤ ᠣᠨ ᠤ ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠨ ᠰᠢᠯᠭᠠᠬᠤ ᠶᠢ ᠬᠡᠷᠡᠭᠵᠢᠭᠦᠯᠦᠨ᠎ᠡ᠃      ︵ᠲᠠᠪᠤ︶ ᠤᠬᠠᠭᠤᠯᠭ᠎ᠠ ᠪᠠ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠡᠯ᠎ᠡ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ᠂ ᠦᠵᠡᠰᠬᠦᠯᠡᠩ ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠰᠣᠯᠢᠯᠴᠠᠭ᠎ᠠ ᠰᠤᠳᠤᠯᠤᠯᠲᠠ᠂ ᠲᠤᠬᠠᠶ ᠶᠢᠨ ᠲᠠᠯᠠᠪᠤᠷ ᠤᠨ ᠴᠤᠭᠯᠠᠭᠠᠨ ᠵᠡᠷᠭᠡ ᠠᠷᠭ᠎ᠠ ᠮᠠᠶ᠋ᠢᠭ ᠢ ᠠᠰᠢᠭᠯᠠᠨ᠂ ᠵᠢᠯ ᠪᠦᠷᠢ ᠨᠢᠭᠡ ᠭᠤᠣᠯ ᠰᠡᠳᠦᠪ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠪᠠᠷᠢᠯᠭ᠎ᠠ ᠶᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ  ᠥᠷᠨᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠳᠤᠤᠷ᠎ᠠ ᠨᠡᠭᠦᠷᠡᠰᠦᠳᠦ᠋ᠷᠦᠭᠴᠢᠲᠦ ᠪᠠᠷᠢᠯᠭ᠎ᠠ ᠶᠢ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠲᠤᠬᠠᠶ ᠪᠦᠬᠦ ᠨᠡᠶᠢᠭᠡᠮ ᠤᠨ ᠲᠠᠨᠢᠯᠲᠠ ᠶᠢ ᠳᠡᠭᠡᠭᠰᠢᠯᠡᠭᠦᠯᠵᠦ᠂ ᠡᠨᠧᠷᠭᠢ ᠶᠢᠨ ᠡᠬᠢ ᠪᠠᠶᠠᠯᠢᠭ ᠢ ᠤᠬᠠᠮᠰᠠᠷ ᠠᠴᠠ ᠪᠠᠨ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠬᠥᠮᠦᠵᠢᠭᠦᠯᠦᠨ᠎ᠡ︔ ᠬᠥᠮᠦᠰ ᠢ ᠬᠥᠲᠥᠯᠥᠨ ᠵᠢᠯᠣᠭᠤᠳᠴᠤ ᠪᠠᠷᠢᠯᠭ᠎ᠠ ᠶᠢᠨ ᠡᠬᠢ ᠪᠠᠶᠠᠯᠢᠭ᠂ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠤᠨ ᠨᠡᠶᠢᠭᠡᠮ᠂ ᠣᠷᠴᠢᠨ ᠠᠬᠤᠶ ᠳᠤ ᠦᠵᠡᠭᠦᠯᠬᠦ ᠨᠥᠯᠥᠭᠡ ᠶᠢ ᠨᠡᠩ ᠢᠯᠡᠭᠦᠦ ᠠᠩᠬᠠᠷᠤᠭᠤᠯᠵᠤ᠂ ᠪᠣᠬᠢᠷᠲᠤᠯ ᠦᠭᠡᠢ ᠬᠡᠷᠡᠭᠯᠡᠭᠡᠨ ᠤ ᠣᠶᠢᠯᠠᠭᠠᠭᠳᠠᠬᠤᠨ ᠢ ᠪᠤᠢ ᠪᠣᠯᠭᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠨ᠂ ᠪᠥᠬᠦ ᠬᠤᠳᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠬᠡᠷᠡᠭᠵᠢᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠪᠣᠬᠢᠷᠲᠤᠯ ᠥᠭᠡᠢ ᠪᠠᠷᠢᠯᠭ᠎ᠠ ᠶᠢᠨ ᠬᠥᠭᠵᠢᠯᠲᠡ ᠶᠢᠨ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ᠂ ᠦᠢᠯᠡᠳᠬᠦᠨ ᠤ ᠬᠡᠷᠡᠭᠯᠡᠯᠲᠡ ᠵᠡᠷᠭᠡ ᠤᠯᠠᠨ ᠲᠠᠯ᠎ᠠ ᠶᠢᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠵᠢᠯᠯᠠᠭᠰᠠᠳ ᠤᠨ ᠪᠣᠬᠢᠷᠲᠤᠯ ᠥᠭᠡᠢ ᠪᠠᠷᠢᠯᠭ᠎ᠠ ᠶᠢᠨ ᠲᠤᠰᠬᠠᠶ ᠮᠡᠷᠭᠡᠵᠢᠯ ᠤᠨ ᠮᠡᠳᠡᠯᠭᠡ ᠪᠣᠯᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠣᠬᠢᠷᠲᠤᠯ ᠥᠭᠡᠢ ᠪᠠᠷᠢᠯᠭ᠎ᠠ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠶ᠃    
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ