ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/11/25
          ᠬᠦᠬᠡᠬᠤᠲᠠ ᠵᠠᠰᠠᠭ ᠲᠠᠷᠬᠠᠭᠠᠭᠰᠠᠨ ﹇2021﹈ 17 ᠳ᠋ᠤᠭᠠᠷ ᠲᠤᠭᠠᠲᠤ           2021 ᠣᠨ ᠤ10 ᠳ᠋ᠤᠭᠠᠷ ᠰᠠᠷ᠎ᠠ ᠶᠢᠨ1 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ  ᠦᠢᠯᠡᠰ ᠤᠨ ᠨᠢᠭᠡᠴᠡ ᠳᠤ᠄       ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠢᠯᠭᠠᠷᠠᠭᠤᠯᠤᠨ ᠨᠤᠲᠠᠯᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ︾ ︵ᠥᠪᠥᠷ ᠵᠤᠷᠭᠠᠨ ᠨᠡᠪᠲᠡᠷᠬᠡᠶ ︹ 2019 ︺ 55 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠢᠯᠭᠠᠷᠠᠭᠤᠯᠤᠨ ᠨᠤᠲᠠᠯᠠᠬᠤ ᠠᠵᠢᠯ ᠢ ᠥᠷᠨᠢᠬᠦᠯᠵᠦ᠂ 2020 ᠣᠨ ᠤ 5 ᠳ᠋ᠤᠭᠠᠷ ᠰᠠᠷ᠎ᠠ᠂ 10 ᠳ᠋ᠤᠭᠠᠷ ᠰᠠᠷ᠎ᠠ ᠳᠤ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠲᠣᠰ ᠲᠣᠰ ᠨᠡᠶᠢᠲᠡᠯᠡᠪᠡ᠃ ᠬᠠᠤᠯᠢ ᠶᠣᠰᠣᠭᠠᠷ ᠬᠢᠨᠠᠨ ᠬᠠᠷᠭᠤᠭᠤᠯᠬᠤ ᠪᠠᠷ ᠳᠡᠮᠵᠢᠨ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠭᠤᠷᠪᠠᠳᠤᠭᠠᠷ ᠪᠦᠯᠦᠭ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠳᠣᠤᠷᠠᠬᠢ ᠮᠡᠲᠦ ᠨᠡᠶᠢᠲᠡᠯᠡᠬᠦ ᠪᠠᠷ ᠲᠣᠭᠲᠠᠪᠠ ︵ᠨᠡᠶᠢᠲᠡ 15 ᠪᠣᠢ︶᠄      ᠨᠢᠭᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ  ᠢ ᠦᠨᠳᠦᠰᠦᠯᠡᠨ ᠬᠠᠤᠯᠢ ᠬᠡᠷᠡᠭᠵᠢᠭᠦᠯᠬᠦ ᠡᠷᠬᠡ ᠪᠠᠨ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ ︵ᠨᠡᠶᠢᠲᠡ 9 ᠪᠣᠢ︶᠄      1. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ  ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ      2. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ      3. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠠᠶᠢᠴᠠᠭᠠᠬᠤ ᠲᠣᠪᠴᠢᠶ᠎ᠠ      4. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ ᠪᠠᠶᠢᠴᠠᠭᠠᠬᠤ ᠲᠣᠪᠴᠢᠶ᠎ᠠ      5. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠪᠠᠶᠢᠴᠠᠭᠠᠬᠤ ᠲᠣᠪᠴᠢᠶ᠎ᠠ      6. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠷᠪᠠᠳᠤᠭᠠᠷ ᠪᠠᠶᠢᠴᠠᠭᠠᠬᠤ ᠲᠣᠪᠴᠢᠶ᠎ᠠ      7. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ  ᠶᠠᠪᠤᠳᠠᠯ ᠤᠨ ᠲᠣᠪᠴᠢᠶ᠎ᠠ     8. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠴᠠᠭᠠᠨ ᠰᠣᠪᠤᠷᠭ᠎ᠠ ᠠᠭᠠᠷ ᠤᠨ ᠭᠠᠷᠠᠮ ᠤᠨ ᠪᠠᠷᠠᠭᠠᠨ ᠤ  ᠬᠦᠢᠯᠭᠡᠭᠡᠨ ᠤ ᠬᠦᠷᠢᠶᠡᠯᠡᠩ ᠲᠣᠭᠤᠷᠢᠭ ᠤᠨ  ᠭᠠᠶᠢᠯᠢ ᠶᠢᠨ ᠶᠠᠪᠤᠳᠠᠯ ᠤᠨ ᠲᠣᠪᠴᠢᠶ᠎ᠠ     9. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠶᠢᠨ ᠴᠢᠶᠣᠤ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ     ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠠᠴᠠ ᠡᠷᠬᠡ ᠣᠯᠭᠤᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠᠨ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ︵ᠨᠡᠶᠢᠲᠡ 6 ᠪᠣᠶ︶᠄      1. ᠬᠥᠬᠡᠬᠤᠲᠠ ᠶᠢᠨ ᠭᠠᠯ ᠣᠨᠳᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ      2. ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ      3. ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠪᠢᠶᠠᠷᠢ ᠲᠣᠪᠴᠢᠶ᠎ᠠ      4. ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ      5. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ      6. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠪᠢᠶᠠᠷᠢ ᠲᠣᠪᠴᠢᠶ᠎ᠠ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ