9 ᠳ᠋ᠦ᠋ᠭᠡᠷ ᠰᠠᠷ᠎ᠠ ᠳᠤ ᠬᠤᠲᠠ ᠶᠢᠨ ᠲᠣᠰ ᠱᠠᠲᠤᠨ ᠤ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠪᠠᠯᠠ ᠮᠥᠩᠭᠦ ᠶᠢᠨ ᠵᠠᠷᠤᠯᠭ᠎ᠠ ᠨᠡᠶᠢᠲᠡ 26120.59 ᠲᠦᠮᠡᠨ ᠲᠥᠭᠦᠷᠢᠭ ᠬᠦᠷᠴᠡᠶ
ᠨᠡᠶᠢᠲᠡᠯᠡᠭᠰᠡᠨ ᠴᠠᠭ᠄
2021/11/3
      ︵ᠰᠤᠷᠪᠤᠯᠵᠢᠯᠠᠭᠴᠢ ᠰᠥᠩ ᠰᠢᠶᠠᠩ ᠬᠤᠸᠠ︶ 9 ᠳ᠋ᠦ᠋ᠭᠡᠷ ᠰᠠᠷ᠎ᠠ ᠳᠤ᠂ ᠬᠤᠲᠠ ᠶᠢᠨ ᠲᠣᠰ ᠱᠠᠲᠤᠨ ᠤ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠪᠠᠯᠠ ᠮᠥᠩᠭᠦ ᠶᠢᠨ ᠵᠠᠷᠤᠯᠭ᠎ᠠ ᠨᠡᠶᠢᠲᠡ 26120.59 ᠲᠦᠮᠡᠨ ᠲᠥᠭᠦᠷᠢᠭ ᠬᠦᠷᠴᠡᠶ᠃ ᠡᠭᠦᠨ ᠤ ᠳᠣᠲᠣᠷ᠎ᠠ ᠨᠡᠶᠢᠭᠡᠮ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠡᠯᠢᠶᠡᠳ ᠶᠡᠭᠡ ᠬᠤᠪᠢ ᠶᠢ ᠡᠵᠡᠯᠡᠵᠦ᠂ ᠪᠠᠷᠤᠭ ᠲᠤᠰ ᠰᠠᠷ᠎ᠠ ᠶᠢᠨ ᠪᠦᠬᠦ ᠵᠠᠷᠤᠯᠭ᠎ᠠ ᠶᠢᠨ 52% ᠢ ᠡᠵᠡᠯᠡᠵᠡᠢ᠃      ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠮᠥᠩᠭᠦ ᠵᠢᠴᠢ ᠳᠠᠭᠠᠳᠬᠠᠯ ᠤᠨ ᠵᠠᠷᠤᠳᠠᠯ ᠳᠤ 1030 ᠲᠦᠮᠡᠨ ᠲᠥᠭᠦᠷᠢᠭ ᠪᠠᠭᠤᠯᠭᠠᠵᠤ᠂ ᠨᠡᠶᠢᠭᠡᠮ ᠤᠨ ᠳᠠᠭᠠᠳᠬᠠᠯ ᠤᠨ ᠠᠵᠢᠯ ᠮᠡᠷᠭᠡᠵᠢᠯ ᠤᠨ ᠣᠨ ᠤ ᠮᠥᠩᠭᠦ 8500 ᠲᠦᠮᠡᠨ ᠲᠥᠭᠦᠷᠢᠭ ᠪᠠᠭᠤᠯᠭᠠᠵᠤ᠂ ᠨᠡᠶᠢᠭᠡᠮ ᠤᠨ ᠳᠠᠭᠠᠳᠬᠠᠯ ᠤᠨ ᠲᠠᠲᠠᠪᠤᠷᠢᠯᠠᠨ ᠬᠠᠮᠢᠶᠠᠷᠬᠤ ᠵᠠᠷᠤᠳᠠᠯ 200 ᠲᠦᠮᠡᠨ ᠲᠥᠭᠦᠷᠢᠭ ᠪᠠᠭᠤᠯᠭᠠᠵᠤ᠂ 2021 ᠣᠨ ᠤ ᠬᠤᠲᠠ ᠶᠢᠨ ᠲᠣᠰ ᠱᠠᠲᠤᠨ ᠤ ︽ᠨᠢᠭᠡ ᠬᠡᠷᠡᠭ ᠢ ᠨᠢᠭᠡ ᠵᠥᠪᠯᠡᠬᠦ︾ ᠡᠳ᠋ ᠤᠨ ᠵᠠᠰᠠᠭ ᠤᠨ ᠱᠠᠩᠨᠠᠵᠤ ᠨᠥᠬᠦᠪᠥᠷᠢᠯᠡᠬᠦ ᠲᠥᠰᠦᠪ ᠤᠨ ᠪᠠᠯᠠ ᠮᠥᠩᠭᠦ ᠶᠢ 2500 ᠲᠦᠮᠡᠨ ᠲᠥᠭᠦᠷᠢᠭ ᠪᠠᠭᠤᠯᠭᠠᠵᠤ᠂ 2021 ᠣᠨ ᠤ ᠬᠡᠰᠡᠭ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠᠯᠠ ᠮᠥᠩᠭᠦ ᠶᠢ 1250 ᠲᠦᠮᠡᠨ ᠲᠥᠭᠦᠷᠢᠭ ᠪᠠᠭᠤᠯᠭᠠᠪᠠ᠃       ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠳᠡᠮᠵᠢᠬᠦ ᠲᠠᠯ᠎ᠠ ᠪᠠᠷ᠂ 2021 ᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠲᠥᠪ ᠤᠨ ︵ᠬᠤᠶᠠᠳᠤᠭᠠᠷ ᠪᠦᠯᠦᠭ ᠤᠨ︶ ᠲᠤᠰᠬᠠᠶ ᠪᠠᠯᠠ ᠮᠥᠩᠭᠦ ᠶᠢ 509 ᠲᠦᠮᠡᠨ ᠲᠥᠭᠦᠷᠢᠭ ᠪᠠᠭᠤᠯᠭᠠᠵᠤ᠂ 2021 ᠣᠨ ᠤ ︽ᠭᠤᠷᠪᠠᠨ ᠣᠷᠣᠨ︾ ᠤ ᠴᠢᠳᠠᠪᠤᠷᠢᠲᠠᠨ ᠤ ᠲᠥᠯᠥᠪᠯᠡᠭᠡ ᠶᠢᠨ ᠪᠠᠭᠰᠢ ᠶᠢᠨ ᠲᠤᠰᠬᠠᠶ ᠠᠵᠢᠯ ᠤᠨ ᠲᠥᠪ ᠤᠨ ︵ᠬᠤᠶᠠᠳᠤᠭᠠᠷ ᠪᠦᠯᠦᠭ ᠤᠨ ︶ ᠨᠥᠬᠦᠪᠥᠷᠢ ᠵᠠᠷᠤᠳᠠᠯ ᠢ 6 ᠲᠦᠮᠡᠨ ᠲᠥᠭᠦᠷᠢᠭ ᠪᠠᠭᠤᠯᠭᠠᠪᠠ᠃       ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠯᠠᠩ ᠢ ᠲᠡᠮᠵᠢᠬᠦ᠂ ᠲᠠᠷᠢᠶᠠᠴᠢᠳ ᠲᠤ ᠠᠰᠢᠭ ᠬᠦᠷᠲᠡᠭᠡᠬᠦ ᠲᠠᠯ᠎ᠠ ᠪᠠᠷ᠂ 2020 ᠣᠨ ᠤ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠡᠰᠡᠭ ᠪᠠᠯᠠ ᠮᠥᠩᠭᠦ ᠶᠢ 598 ᠲᠦᠮᠡᠨ ᠲᠥᠭᠦᠷᠢᠭ ᠪᠠᠭᠤᠯᠭᠠᠵᠤ᠂ 2021 ᠣᠨ ᠤ  ᠲᠥᠪ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠬᠡᠰᠡᠭ ᠪᠠᠯᠠ ᠮᠥᠩᠭᠦ ᠶᠢ 1130 ᠲᠦᠮᠡᠨ ᠲᠥᠭᠦᠷᠢᠭ ᠪᠠᠭᠤᠯᠭᠠᠵᠤ᠂ 2021 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠥᠷᠢ ᠪᠠ ᠬᠡᠰᠡᠭ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ  ᠢ ᠬᠦᠭᠵᠢᠬᠦᠯᠬᠦ ᠪᠠᠯᠠ ᠮᠥᠩᠭᠦ ᠶᠢ 86 ᠲᠦᠮᠡᠨ ᠲᠥᠭᠦᠷᠢᠭ ᠪᠠᠭᠤᠯᠭᠠᠵᠤ᠂ 2021 ᠣᠨ ᠤ ᠬᠥᠳᠡᠭᠡ ᠲᠣᠰᠬᠤᠨ ᠤ ᠢᠳᠡᠬᠦ ᠤᠰᠤᠨ ᠤ ᠢᠨᠵᠧᠨᠧᠷᠢᠩ ᠤᠨ ᠤᠰᠤᠨ ᠤ ᠴᠢᠨᠠᠷ ᠢ ᠬᠢᠨᠠᠨ ᠬᠡᠮᠵᠢᠬᠦ ᠵᠠᠷᠤᠳᠠᠯ ᠢ 50 ᠲᠦᠮᠡᠨ ᠲᠥᠭᠦᠷᠢᠭ ᠪᠠᠭᠤᠯᠭᠠᠪᠠ᠃       ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ᠂ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢᠨ ᠨᠥᠬᠦᠪᠥᠷᠢ ᠮᠥᠩᠭᠦ 1666.67 ᠲᠦᠮᠡᠨ ᠲᠥᠭᠦᠷᠢᠭ ᠪᠠᠭᠤᠯᠭᠠᠵᠤ᠂ ᠴᠤᠯ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠲᠦᠷᠢᠶᠡᠰᠦᠯᠡᠬᠦ ᠵᠠᠷᠤᠳᠠᠯ 3194.92 ᠲᠦᠮᠡᠨ ᠲᠥᠭᠦᠷᠢᠭ ᠪᠠᠭᠤᠯᠭᠠᠵᠤ᠂ ᠵᠢᠮᠲᠦ ᠵᠠᠮ ᠬᠠᠷᠢᠯᠴᠠᠭᠠᠨ ᠤ 1᠂ 2 ᠳ᠋ᠤᠭᠠᠷ ᠱᠤᠭᠤᠮ ᠤᠨ ᠪᠥᠲᠥᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠵᠠᠷᠤᠳᠠᠯ ᠮᠥᠩᠭᠦ 5400 ᠲᠦᠮᠡᠨ ᠲᠥᠭᠦᠷᠢᠭ ᠪᠠᠭᠤᠯᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ