ᠰᠠᠶᠢᠬᠠᠨ ᠲᠣᠭᠤᠷᠢᠭ ᠤᠨ ︽ᠰᠠᠶᠢᠨ ᠳᠤᠷ᠎ᠠ ᠶᠢᠨ ᠦᠢᠯᠡᠴᠢᠯᠡᠭᠡ ᠪᠠᠷ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠠᠵᠢᠯᠯᠠᠭ᠎ᠠ
ᠨᠡᠶᠢᠲᠡᠯᠡᠭᠰᠡᠨ ᠴᠠᠭ᠄
2021/11/30
20211130-1.jpg
      ᠣᠶᠢᠷ᠎ᠠ ᠳᠤ᠂ ᠰᠠᠶᠢᠬᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠣᠯᠣᠨ ᠶᠡᠭᠡ ᠰᠤᠷᠭᠠᠭᠤᠯᠢ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠬᠠᠷᠢᠶ᠎ᠠ ᠣᠷᠣᠨ ᠳᠣᠲᠣᠷᠠᠬᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 50 ᠭᠠᠷᠤᠶ ᠰᠠᠶᠢᠨ ᠳᠤᠷ᠎ᠠ ᠶᠢᠨ ᠦᠢᠯᠡᠴᠢᠯᠡᠭᠴᠢ ᠶᠢ ᠵᠣᠬᠢᠶᠠᠨ ᠪᠠᠶᠢᠭᠤᠯᠤᠨ ︽ᠰᠠᠶᠢᠨ ᠳᠤᠷ᠎ᠠ ᠶᠢᠨ ᠦᠢᠯᠡᠴᠢᠯᠡᠭᠡ ᠪᠠᠷ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢ ᠰᠢᠨ ᠶᠤᠸᠠᠨ ᠬᠤᠷᠢᠶᠠᠯᠠᠯ᠂ ᠲᠡᠮᠦᠷ ᠵᠠᠮ ᠤᠨ ᠣᠶ ᠰᠢᠭᠤᠶ ᠶᠢᠨ ᠲᠠᠯᠠᠪᠠᠶ ᠶᠢᠨ ᠬᠤᠷᠢᠶᠠᠯᠠᠯ ᠵᠡᠷᠭᠡ ᠣᠯᠠᠨ ᠬᠤᠷᠢᠶᠠᠯᠠᠯ ᠳᠤ ᠭᠦᠨᠵᠡᠭᠡᠶᠢᠷᠡᠵᠦ᠂ ᠬᠤᠷᠢᠶᠠᠯᠠᠯ ᠤᠨ ᠳᠣᠲᠣᠷᠠᠬᠢ ᠬᠡᠷᠡᠮ ᠳᠡᠭᠡᠷ᠎ᠡ ᠨᠠᠭᠠᠭᠰᠠᠨ ᠵᠠᠷ᠂ ᠠᠮᠢᠳᠤᠷᠠᠯ ᠤᠨ ᠬᠤᠭ ᠨᠣᠪᠰᠢ ᠪᠠ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠬᠤᠪᠠᠭ᠋ᠠᠶᠢᠷᠠᠭᠰᠠᠨ ᠮᠣᠳᠣᠨ ᠤ ᠨᠠᠪᠴᠢ ᠶᠢ ᠪᠥᠬᠦ ᠲᠠᠯ᠎ᠠ ᠪᠠᠷ ᠴᠡᠪᠡᠷᠯᠡᠪᠡ᠃ ᠡᠭᠦᠨ ᠤ ᠬᠠᠮᠲᠤ ᠬᠤᠭ ᠨᠣᠪᠰᠢ ᠶᠢ ᠲᠥᠷᠥᠯ ᠬᠤᠪᠢᠶᠠᠬᠤ ᠶᠢᠨ ᠠᠴᠢ ᠬᠤᠯᠪᠣᠭᠳᠠᠯ ᠢ ᠤᠬᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠨᠣᠷᠮ᠎ᠠ ᠪᠠ ᠳᠡᠮᠵᠢᠬᠦ ᠨᠣᠷᠮ᠎ᠠ ᠶᠢ ᠳᠡᠭᠡᠭᠰᠢᠯᠡᠭᠦᠯᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ