ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠢ ᠬᠡᠦᠬᠡᠳ ᠤᠨ ᠴᠡᠴᠡᠷᠯᠢᠭ ᠲᠤ ᠣᠷᠣᠭᠤᠯᠪᠠ
ᠨᠡᠶᠢᠲᠡᠯᠡᠭᠰᠡᠨ ᠴᠠᠭ᠄
2021/11/30
      ︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠪᠠᠶ ᠶᠠᠨ   ᠬᠤᠤ ᠶᠦᠨ︶ ︽ᠮᠠᠭᠤ ᠬᠥᠮᠦᠨ ᠲᠠᠢ ᠳᠠᠭᠠᠷᠠᠪᠠᠯ ᠥᠪᠡᠷ ᠢ ᠪᠠᠨ ᠬᠡᠷᠬᠢᠨ ᠬᠠᠮᠠᠭᠠᠯᠠᠬᠤ ᠪᠤᠶ︖︾  ︽110 ᠶᠢ ᠬᠡᠷᠬᠢᠨ ᠦᠳᠲᠡᠷ ᠲᠦᠷᠭᠡᠨ ᠵᠠᠯᠭᠠᠵᠤ ᠴᠠᠭᠳᠠᠭ᠎ᠠ ᠳᠤ ᠮᠡᠳᠡᠭᠦᠯᠬᠦ ᠪᠣᠢ︖︾ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠤᠲᠣᠩ ᠠᠷᠠᠳ ᠤᠨ ᠲᠣᠭᠤᠷᠢᠭ ᠤᠨ ᠵᠢᠷᠭᠤᠳᠤᠭᠠᠷ ᠬᠡᠤᠬᠡᠳ ᠤᠨ ᠴᠡᠴᠡᠷᠯᠢᠭ ᠲᠤ ᠬᠦᠷᠴᠦ᠂ ᠪᠥᠬᠦ ᠰᠤᠷᠭᠠᠭᠤᠯᠢ ᠶᠢᠨ 80 ᠭᠠᠷᠤᠶ ᠪᠠᠭᠰᠢ ᠰᠤᠷᠤᠭᠴᠢᠳ ᠲᠤ ᠨᠢᠭᠡ ᠴᠠᠭ ᠤᠨ ᠠᠮᠢᠳᠤᠯᠢᠭ ᠰᠣᠨᠢᠷᠬᠠᠯᠲᠠᠶ ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠤᠷᠤᠭᠰᠠᠨ ᠪᠠᠶᠢᠨ᠎ᠠ᠃       ︽  ᠪᠢ ᠤᠯᠠᠨ ᠲᠦᠮᠡᠨ ᠳᠤ ᠪᠣᠳᠠᠲᠤ  ᠶᠠᠪᠤᠳᠠᠯ ᠬᠢᠵᠦ ᠦᠭᠭᠦᠨ᠎ᠡ︾ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠵᠢᠷᠭᠤᠳᠤᠭᠠᠷ ᠬᠡᠦᠬᠡᠳ ᠤᠨ ᠴᠡᠴᠡᠷᠯᠢᠭ ᠨᠢ ᠬᠤᠲᠣᠩ ᠠᠷᠠᠳ ᠤᠨ ᠲᠣᠭᠤᠷᠢᠭ ᠤᠨ ᠪᠤᠯᠤᠳ ᠳᠡᠮᠤᠷ ᠵᠠᠮ ᠤᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ᠂ ︽ᠴᠠᠭᠳᠠᠭ᠎ᠠ ᠠᠷᠠᠳ ᠬᠠᠮᠲᠤᠷᠠᠨ ᠪᠣᠳᠠᠲᠤ ᠬᠢᠵᠦ ᠶᠠᠪᠤᠳᠠᠯ᠂ ᠰᠤᠷᠭᠠᠭᠤᠯᠢ ᠶᠢᠨ ᠬᠦᠷᠢᠶᠡᠨ ᠳᠤ ᠬᠥᠮᠦᠵᠢᠯ ᠬᠦᠷᠭᠡᠵᠦ ᠠᠮᠤᠷ ᠲᠦᠪᠰᠢᠨ ᠢ ᠪᠠᠲᠤᠯᠠᠬᠤ︾  ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠠᠵᠢᠯᠯᠠᠭ᠎ᠠ ᠥᠷᠨᠢᠭᠦᠯᠪᠡ᠃ ᠠᠷᠠᠳ ᠤᠨ ᠴᠠᠭᠳᠠᠭ᠎ᠠ ᠬᠡᠦᠬᠡᠳ ᠤᠳ ᠤᠨ ᠨᠠᠰᠤᠨ ᠤ ᠣᠨᠴᠠᠯᠢᠭ ᠲᠠᠢ ᠤᠶᠠᠯᠳᠤᠭᠤᠯᠤᠨ᠂ PPT ᠱᠤᠭ ᠵᠢᠷᠤᠭ ᠤᠨ ᠺᠣᠣᠷᠰᠸᠡᠶᠢᠷ᠂ ᠦᠢᠯᠡᠳᠦᠯᠴᠡᠵᠦ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠥᠭᠦᠮ ᠣᠶᠢᠯᠠᠭᠠᠮᠵᠢᠲᠠᠶ ᠦᠭᠡ ᠬᠡᠯᠡ᠂ ᠠᠮᠢᠳᠤ ᠳᠦᠷᠰᠦᠯᠢᠭ ᠬᠥᠳᠡᠯᠦᠯ ᠪᠠᠷᠢᠯ ᠢᠶᠠᠷ ᠪᠢᠴᠢᠬᠠᠨ ᠨᠠᠶᠢᠵᠠ ᠨᠠᠷ ᠲᠤ ᠬᠠᠭᠤᠷᠴᠤ ᠮᠡᠬᠡᠯᠡᠬᠦ ᠠᠴᠠ ᠰᠡᠷᠭᠡᠶᠢᠯᠡᠬᠦ ᠵᠡᠷᠭᠡ ᠡᠳᠦᠷ ᠲᠤᠲᠤᠮ ᠤᠨ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠪᠢᠴᠢᠬᠠᠨ ᠨᠠᠶᠢᠵᠠ ᠨᠠᠷ ᠢ ᠬᠠᠪᠰᠤᠷᠤᠨ ᠵᠥᠪ ᠪᠤᠷᠤᠭᠤ ᠶᠢ ᠢᠯᠭᠠᠨ ᠲᠠᠨᠢᠭᠤᠯᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠠᠯᠳᠠᠯᠭ᠎ᠠ ᠳᠤ ᠤᠴᠠᠷᠠᠪᠠᠯ᠂ ᠬᠤᠬᠢᠷᠠᠯ ᠠᠮᠰᠠᠬᠤ ᠠᠴᠠ ᠵᠠᠶᠢᠯᠠᠬᠤ ᠪᠠᠷ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠤᠴᠢᠷ ᠶᠠᠪᠤᠳᠠᠯ ᠲᠣᠬᠢᠶᠠᠯᠳᠤᠪᠠᠯ ᠶᠠᠭᠠᠷᠠᠵᠤ ᠰᠠᠨᠳᠤᠷᠬᠤ ᠥᠬᠡᠶ ᠪᠠᠷ ᠠᠷᠭ᠎ᠠ ᠰᠦᠪᠡᠭᠴᠢᠯᠡᠨ ᠠᠶᠤᠯ ᠠᠴᠠ ᠮᠤᠯᠲᠤᠷᠠᠬᠤ ᠪᠤᠶᠤ ᠠᠪᠤᠷᠠᠯ ᠡᠷᠢᠵᠦ᠂ ᠴᠠᠭ ᠲᠤᠬᠠᠶ ᠳᠤᠨᠢ ︽110︾ ᠶᠢ ᠵᠠᠯᠭᠠᠵᠤ ᠴᠠᠭᠳᠠᠭ᠎ᠠ ᠳᠤ ᠮᠡᠳᠡᠭᠦᠯᠬᠦ ᠬᠡᠷᠡᠭᠲᠡᠶ ᠭᠡᠳᠡᠭ ᠢ ᠪᠢᠴᠢᠬᠠᠨ ᠨᠠᠶᠢᠵᠠ ᠨᠠᠷ ᠲᠤ ᠲᠠᠨᠢᠭᠤᠯᠵᠠᠶ᠃ ᠡᠭᠦᠨ ᠤ ᠬᠠᠮᠲᠤ ᠦᠨᠡᠨ ᠪᠣᠳᠠᠲᠤ ᠬᠡᠷᠡᠭ ᠲᠠᠢ ᠤᠶᠠᠯᠳᠤᠭᠤᠯᠤᠨ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠪᠣᠯᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠲᠤᠬᠠᠶ ᠶᠢᠨ ᠲᠠᠯᠠᠪᠠᠢ ᠶᠢᠨ ᠳᠠᠭᠤᠷᠢᠶᠠᠭᠰᠠᠨ ᠰᠣᠷᠢᠯᠲᠠ ᠪᠠ  ᠰᠢᠭᠤᠳ ᠨᠢᠭᠤᠷᠳᠠᠨ ᠦᠢᠯᠡᠳᠦᠯᠴᠡᠨ ᠰᠣᠯᠢᠯᠴᠠᠬᠤ ᠪᠠᠷ ᠳᠡᠮᠵᠢᠨ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠬᠠᠤ ᠵᠢᠴᠢ ᠠᠮᠢ ᠵᠢᠭᠤᠲᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠠᠶᠤᠯᠭᠦᠢ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤᠮᠳᠠᠬᠢ ᠴᠠᠭᠳᠠᠭ᠎ᠠ᠂ ᠰᠤᠷᠭᠠᠭᠤᠯᠢ ᠬᠤᠶᠠᠷ ᠲᠠᠯ᠎ᠠ ᠶᠢᠨ ᠬᠠᠮᠵᠢᠯᠴᠠᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠬᠦᠷᠢᠶᠡᠨ ᠤ ︽ᠬᠠᠮᠠᠭᠠᠯᠠᠯᠲᠠ ᠶᠢᠨ ᠲᠣᠤᠷ︾ ᠢ ᠤᠯᠠᠮ ᠨᠢᠭᠡ ᠠᠯᠬᠤᠮ ᠪᠠᠬᠢᠵᠢᠭᠦᠯᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ