ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/4
ᠾᠧ ᠬᠠᠢ ᠳ᠋ᠦᠩ ᠡᠷᠬᠢᠯᠡᠪᠡ       ︵ᠰᠤᠷᠪᠤᠯᠵᠢᠯᠠᠭᠴᠢ ᠠᠷᠢᠭᠤᠨ᠎ᠠ︶ 11 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠶ ᠳ᠋ᠦᠩ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠲᠦᠷᠦᠯ ᠵᠦᠢᠯ ᠤᠨ ᠳᠡᠭᠡᠳᠦ ᠳᠤᠮᠳᠠᠳᠤ ᠶᠢᠨ ᠬᠡᠰᠡᠭ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠬᠦ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠤᠯᠤᠰ ᠤᠨ ᠥᠮᠴᠢᠯᠡᠯᠲᠦ ᠺᠣᠮᠫᠠᠨᠢ ᠶᠢᠨ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠲᠣᠭᠲᠠᠭᠠᠯ︾᠂ ︽2021 ᠣᠨ ᠤ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃       ᠬᠤᠷᠠᠯ ᠠᠴᠠ ᠵᠢᠭᠠᠭᠰᠠᠨ ᠨᠢ᠂ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠪᠣᠯ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠡᠭᠦᠨ ᠤ ᠬᠠᠮᠲᠤ ᠪᠠᠰᠠ ᠰᠢᠨ᠎ᠡ ᠲᠣᠭᠤᠷᠢᠭ ᠤᠨ ᠬᠤᠳᠠ ᠶᠢᠨ ᠴᠢᠳᠠᠪᠤᠷᠢ ᠶᠢᠨ ᠢᠵᠢ ᠪᠦᠷᠢᠳᠦᠯ ᠤᠨ ᠬᠥᠭᠵᠢᠯᠲᠡ ᠳᠤ ᠬᠤᠯᠪᠣᠭᠳᠠᠨ᠎ᠠ᠃ ᠰᠢᠨ᠎ᠡ ᠲᠣᠭᠤᠷᠢᠭ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠷᠢᠨᠭᠡᠷ ᠰᠢᠨ᠎ᠡ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠢᠵᠢ ᠪᠦᠷᠢᠳᠦᠯ ᠢᠶᠠᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠥᠨᠳᠥᠷ ᠪᠠᠷᠢᠮᠵᠢᠶ᠎ᠠ ᠲᠠᠢ ᠴᠢᠨᠠᠷ ᠰᠠᠶᠢᠲᠠᠢ ᠠᠬᠢᠭᠤᠯᠵᠤ᠂ ᠨᠠᠮ ᠤᠨ ᠰᠢᠨ᠎ᠡ ᠲᠣᠭᠤᠷᠢᠭ ᠤᠨ ᠤᠯᠤᠰ ᠤᠨ ᠥᠮᠴᠢᠯᠡᠯᠲᠦ ᠺᠣᠮᠫᠠᠨᠢ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠦᠷᠢᠮ ᠤᠨ ᠱᠠᠭᠠᠷᠳᠠᠯᠭ᠎ᠠ ᠳᠤ ᠵᠣᠬᠢᠴᠠᠭᠰᠠᠨ ᠬᠥᠮᠦᠨ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠢ ᠮᠡᠷᠭᠡᠵᠢᠯ ᠤᠨ ᠴᠢᠨᠠᠷᠲᠠᠢ ᠰᠢᠨ᠎ᠡ ᠲᠣᠭᠤᠷᠢᠭ ᠤᠨ ᠤᠯᠤᠰ ᠤᠨ ᠥᠮᠴᠢᠯᠡᠯᠲᠦ ᠺᠣᠮᠫᠠᠨᠢ ᠶᠢᠨ ᠤᠳᠤᠷᠢᠳᠬᠤ ᠬᠥᠮᠦᠰ ᠤᠨ ᠡᠩᠨᠡᠭᠡ ᠶᠢ ᠪᠠᠶᠢᠭᠤᠯᠵᠤ᠂ ᠠᠵᠤ ᠠᠬᠤᠶᠢᠯᠠᠯᠲᠠᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠣᠷᠣᠨ ᠲᠤᠭ᠎ᠠ ᠶᠢ ᠲᠦᠷᠦᠯ ᠬᠤᠪᠢᠶᠠᠨ ᠬᠠᠮᠢᠶᠠᠷᠴᠤ᠂ ᠠᠵᠢᠯᠳᠠᠨ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠣᠷᠣᠨ ᠲᠤᠭ᠎ᠠ ᠶᠢᠨ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠰᠢᠨ᠎ᠡ ᠲᠣᠭᠤᠷᠢᠭ ᠤᠨ ᠡᠯ᠎ᠡ ᠨᠢᠭᠡᠴᠡ ᠶᠢᠨ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠰᠦᠯ ᠲᠣᠭᠲᠠᠭᠠᠵᠤ᠂ ᠰᠢᠨ᠎ᠡ ᠲᠣᠭᠤᠷᠢᠭ ᠤᠨ ᠡᠯ᠎ᠡ ᠲᠦᠷᠦᠯ ᠤᠨ ᠠᠵᠢᠯ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠵᠤ᠂ ᠬᠤᠪᠢᠷᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠴᠢᠳᠠᠪᠤᠷᠢᠲᠠᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠰᠢᠨ᠎ᠡ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠣᠷᠣᠯᠴᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ