| | | ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠶᠣᠣ ᠪᠣᠣ ᠯᠤ᠋᠂ | ᠠᠮᠤ ᠪᠤᠳᠠᠭᠠᠨ ᠤ ᠬᠢᠨᠠᠯᠲᠠ ᠪᠠᠶᠢᠴᠠᠭᠠᠯᠲᠠ ᠶᠢᠨ ᠰᠠᠯᠠᠭ᠎ᠠ ᠶᠢᠨ ᠳᠠᠷᠤᠭ᠎ᠠ ᠯᠢᠦ ᠬᠤᠩ ᠯᠦᠩ᠂ ᠠᠮᠤ ᠪᠤᠳᠠᠭᠠᠨ ᠤ ᠲᠥᠯᠥᠪᠵᠢᠭᠦᠯᠭᠡ ᠪᠠ ᠠᠵᠣ ᠦᠢᠯᠡᠰ ᠤᠨ | ᠬᠥᠭᠵᠢᠯᠲᠡ ᠶᠢᠨ ᠰᠠᠯᠠᠭ᠎ᠠ ᠶᠢᠨ ᠳᠠᠷᠤᠭ᠎ᠠ ᠭᠤᠤ ᠶᠠᠩ᠂ ᠠᠮᠤ ᠪᠤᠳᠠᠭ᠎ᠠ ᠨᠦᠭᠡᠴᠡᠯᠡᠬᠦ ᠰᠠᠯᠠᠭ᠎ᠠ ᠶᠢᠨ ᠳᠡᠳ᠋ ᠳᠠᠷᠤᠭ᠎ᠠ ᠯᠢᠦ ᡁᠢ᠂ ᠠᠮᠤ ᠪᠤᠳᠠᠭ᠎ᠠ ᠶᠢ | ᠲᠣᠬᠢᠷᠠᠭᠤᠯᠤᠨ ᠡᠵᠡᠮᠳᠡᠬᠦ ᠰᠠᠯᠠᠭ᠎ᠠ ᠶᠢᠨ ᠴᠢᠶᠥᠥ ᠶᠠᠨ ᠰᠢᠶᠠ | | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ | ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | 2. ᠬᠥᠲᠥᠯᠥᠭᠴᠢ | ᠤᠯᠠᠨ ᠤ ᠮᠡᠳᠡᠭᠡᠵᠢ ᠪᠠᠷ᠂ ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠦᠨᠳᠦᠰᠦ ᠮᠥᠨ᠂ ᠨᠠᠮ ᠤᠨ ᠲᠥᠪ | ᠬᠤᠷᠢᠶ᠎ᠠ ᠠᠴᠠ ᠠᠮᠤ ᠪᠤᠳᠠᠭᠠᠨ ᠤ ᠠᠮᠤᠷ ᠲᠦᠪᠰᠢᠨ ᠢ ᠴᠠᠭ ᠢᠮᠠᠭᠲᠠ ᠲᠦᠷᠦ ᠶᠢ ᠵᠠᠰᠠᠵᠤ ᠵᠠᠰᠠᠭ ᠪᠠᠷᠢᠬᠤ ᠶᠢᠨ ᠲᠡᠷᠢᠭᠦᠨ ᠴᠢᠬᠤᠯᠠ ᠶᠠᠪᠤᠳᠠᠯ ᠪᠣᠯᠭᠠᠭᠰᠠᠭᠠᠷ | ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠭᠤᠣᠯ ᠲᠠᠷᠢᠶᠠᠯᠠᠬᠤ | ᠣᠷᠣᠨ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠠᠮᠤ ᠪᠤᠳᠠᠭᠠᠨ ᠤ | ᠠᠶᠤᠯᠭᠦᠢ ᠶᠢᠨ ᠵᠠᠮ ᠤᠨ ᠲᠤᠬᠠᠢ ᠭᠦᠨᠵᠡᠭᠡᠢ ᠲᠠᠶᠢᠯᠪᠤᠷᠢᠯᠠᠯᠲᠠ ᠬᠢᠵᠡᠢ᠃ ᠡᠯ᠎ᠡ ᠭᠠᠵᠠᠷ ᠤᠨ ᠬᠢᠨ ᠴᠤ ᠲᠥᠪ ᠬᠤᠷᠢᠶᠠᠨ ᠤ ᠵᠣᠷᠢᠭ ᠰᠠᠨᠠᠭᠠᠨ ᠤ | ᠵᠢᠯᠣᠭᠤᠳᠣᠯᠭ᠎ᠠ ᠳᠣᠣᠷ᠎ᠠ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠷᠮᠠᠶᠢᠨ ᠰᠠᠶᠢᠲᠤᠷ ᠠᠳᠬᠤᠵᠤ᠂ ᠪᠤᠳᠠᠭᠠᠨ ᠠᠶᠠᠭ᠎ᠠ ᠪᠠᠨ ᠵᠢᠪ ᠵᠢᠩᠭᠢᠨᠢ ᠥᠪᠡᠷ ᠤᠨ | ᠭᠠᠷ ᠲᠠᠭᠠᠨ ᠪᠠᠷᠢᠬᠤ ᠶᠢ ᠦᠨᠡᠨ ᠬᠦ ᠪᠠᠲᠤᠯᠠᠵᠤ ᠪᠠᠶᠢᠨ᠎ᠠ᠃ | 3. ᠬᠥᠲᠥᠯᠥᠭᠴᠢ | ᠣᠳᠣᠬᠠᠨ ᠤ ᠬᠢᠵᠢᠭ ᠤᠨ ᠪᠠᠶᠢᠳᠠᠯ ᠳᠣᠣᠷ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ︶ ᠮᠠᠨ ᠤ ᠬᠤᠲᠠ ᠶᠢᠨ ᠠᠮᠤ ᠪᠤᠳᠠᠭᠠᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ | ᠮᠠᠨ ᠤ ᠬᠤᠲᠠ ᠶᠢᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠬᠡᠷᠬᠢᠨ ᠪᠠᠲᠤᠯᠠᠭᠰᠠᠨ ᠪᠣᠢ︖ | 4. ᠶᠣᠣ ᠪᠣᠣ ᠯᠤ᠋ | | | | | | ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠳᠣᠣᠷ᠎ᠠ᠂ ᠪᠢᠳᠡ ᠠᠮᠤ ᠲᠣᠰᠣᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠠ | ᠪᠣᠷᠣᠯᠠᠭᠤᠯᠭ᠎ᠠ ᠶᠢᠨ ᠪᠠᠶᠢᠳᠠᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠳᠦᠷ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ᠂ ᠮᠠᠨ ᠤ | ᠬᠤᠲᠠ ᠶᠢᠨ ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠪᠡ᠃ ᠣᠳᠣᠬᠠᠨ ᠳᠤ | ᠮᠠᠨ ᠤ ᠬᠤᠲᠠ ᠶᠢᠨ ᠡᠯ᠎ᠡ ᠲᠣᠮᠣ ᠬᠡᠳᠦ ᠳᠡᠯᠭᠡᠭᠦᠷ ᠪᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠠᠮᠤ ᠪᠤᠳᠠᠭ᠎ᠠ ᠲᠣᠰᠣᠨ ᠤ ᠦᠨ᠎ᠡ ᠬᠠᠩᠰᠢ | ᠲᠣᠭᠲᠠᠭᠤᠨ᠂ ᠪᠠᠷᠠᠭᠠᠨ ᠤ ᠬᠠᠩᠭᠠᠯᠭ᠎ᠠ ᠭᠦᠢᠴᠡᠳ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠠᠪᠲᠠᠯᠲᠠ ᠪᠠᠷ ᠳᠠᠮᠵᠢᠨ᠂ ᠮᠠᠨ ᠤ | ᠬᠤᠲᠠ ᠠᠮᠤ ᠪᠤᠳᠠᠭ᠎ᠠ ᠲᠣᠰᠣᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠤᠨ ᠲᠠᠯ᠎ᠠ ᠪᠠᠷ ᠵᠣᠬᠢᠬᠤ ᠲᠤᠷᠰᠢᠯᠭ᠎ᠠ | ᠬᠤᠷᠠᠮᠳᠤᠭᠤᠯᠵᠤ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠡᠨᠡ ᠬᠦ ᠠᠵᠢᠯ ᠢ ᠥᠷᠨᠢᠭᠦᠯᠪᠡ᠄ ᠨᠢᠭᠡ ᠳᠤ᠂ ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠢ | ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃ ᠬᠤᠶᠠᠷ ᠲᠤ ᠠᠮᠤ ᠪᠤᠳᠠᠭᠠᠨ ᠤ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠭᠤᠷᠪᠠ ᠳᠤ ︽ᠬᠥᠬᠡᠬᠤᠲᠠ ᠶᠢᠨ ᠠᠮᠤ ᠪᠤᠳᠠᠭᠠᠨ ᠤ ᠪᠠᠴᠢᠮ | ᠪᠠᠶᠢᠳᠠᠯ ᠢ ᠠᠷᠭᠠᠴᠠᠭᠠᠬᠤ ᠲᠥᠰᠦᠯ︾ ᠳᠤ ᠵᠠᠰᠠᠪᠤᠷᠢ ᠣᠷᠣᠭᠤᠯᠪᠠ᠃ | 5. ᠬᠥᠲᠥᠯᠥᠭᠴᠢ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠰᠠᠶ᠋ᠢᠬᠠᠨ ᠳᠠᠭᠤᠰᠴᠤ᠂ ᠮᠠᠨ ᠤ ᠬᠤᠲᠠ ᠶᠢᠨ ᠪᠠᠶᠢᠩᠭᠤ | ᠰᠠᠭᠤᠭ᠎ᠠ ᠬᠥᠮᠦᠨ ᠠᠮᠠ ᠶᠢᠨ ᠲᠤᠭ᠎ᠠ ᠨᠡᠯᠢᠶᠡᠳ ᠶᠡᠭᠡ ᠪᠠᠷ ᠨᠡᠮᠡᠭᠳᠡᠪᠡ᠂ ᠣᠳᠣᠬᠠᠨ ᠳᠤ ᠮᠠᠨ ᠤ ᠨᠥᠭᠡᠴᠡᠯᠡᠭᠰᠡᠨ ᠠᠮᠤ ᠪᠤᠳᠠᠭ᠎ᠠ ᠬᠥᠮᠦᠨ ᠠᠮᠠ ᠶᠢᠨ | ᠨᠡᠮᠡᠭᠳᠡᠯ ᠤᠨ ᠪᠠᠶᠢᠳᠠᠯ ᠢ ᠪᠦᠲᠦᠮᠵᠢᠲᠡᠶ ᠠᠷᠭᠠᠴᠠᠭᠠᠵᠤ ᠳᠡᠶᠢᠯᠦᠨ᠎ᠡ ᠦᠦ︖ | 6. ᠴᠢᠶᠥᠥ ᠶᠠᠨ ᠰᠢᠶᠠ | | | | | | ᠪᠥᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ | ᠬᠤᠲᠠ ᠶᠢᠨ ᠭᠤᠤᠯ ᠬᠤᠲᠠ ᠶᠢᠨ ᠲᠣᠭᠤᠷᠢᠭ ︵ᠬᠤᠲᠠ ᠶᠢᠨ ᠳᠥᠷᠪᠡᠨ ᠲᠣᠭᠤᠷᠢᠭ︶ ᠤᠨ ᠬᠥᠮᠦᠨ ᠠᠮᠠ 255 ᠲᠦᠮᠡ ᠪᠠᠶᠢᠨ᠎ᠠ᠃ ᠣᠶᠢᠷ᠎ᠠ ᠶᠢᠨ | ᠬᠤᠭᠤᠴᠠᠭᠠᠨ ᠳᠤ᠂ ᠪᠢᠳᠡ ᠭᠤᠤᠯ ᠬᠤᠲᠠ ᠶᠢᠨ ᠲᠣᠭᠤᠷᠢᠭ ᠤᠨ ᠬᠠᠮᠤᠭ ᠤᠨ ᠰᠢᠨ᠎ᠡ ᠬᠥᠮᠦᠨ ᠠᠮᠠ ᠶᠢᠨ ᠲᠤᠭ᠎ᠠ ᠪᠠᠷᠢᠮᠲᠠ ᠶᠢᠨ ᠶᠣᠰᠣᠭᠠᠷ ᠪᠠᠴᠢᠮ | ᠪᠠᠶᠢᠳᠠᠯ ᠢ ᠠᠷᠭᠠᠴᠠᠭᠠᠬᠤ ᠪᠣᠯᠪᠠᠰᠤᠷᠠᠭᠤᠯᠤᠭᠰᠠᠨ ᠠᠮᠤ ᠪᠤᠳᠠᠭ᠎ᠠ ᠲᠣᠰᠣ ᠨᠥᠭᠡᠴᠡᠯᠡᠬᠦ ᠬᠡᠮᠵᠢᠶ᠎ᠡ ᠶᠢ ᠨᠡᠮᠡᠭᠳᠡᠭᠦᠯᠬᠦ ᠪᠠᠷ ᠭᠤᠶᠤᠴᠢᠯᠠᠵᠤ᠂ ᠣᠳᠣᠬᠠᠨ ᠳᠤ | ᠭᠤᠶᠤᠴᠢᠯᠠᠯ ᠢ ᠨᠢᠭᠡᠨᠲᠡ ᠵᠠᠰᠠᠭ ᠤᠨ ᠶᠠᠪᠤᠳᠠᠯ ᠤᠨ ᠪᠠᠶᠢᠩᠭᠤ ᠶᠢᠨ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠪᠠ᠂ ᠲᠠᠷᠠᠭᠠᠴᠢ ᠶᠢᠨ ᠠᠯᠬᠤᠮ ᠳᠤ ᠬᠤᠲᠠ ᠶᠢᠨ | ᠠᠮᠤ ᠪᠤᠳᠠᠭ᠎ᠠ ᠲᠣᠰᠣ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠰᠢᠨ᠎ᠡ ᠪᠠᠷ ᠨᠡᠮᠡᠭᠳᠡᠭᠰᠡᠨ ᠠᠮᠤ | ᠪᠤᠳᠠᠭ᠎ᠠ ᠲᠣᠰᠣ ᠨᠥᠭᠡᠴᠡᠯᠡᠬᠦ ᠠᠵᠢᠯ ᠢ ᠵᠢᠯ ᠤᠨ ᠡᠴᠦᠰ ᠠᠴᠠ ᠡᠮᠦᠨ᠎ᠡ ᠳᠠᠭᠤᠰᠬᠠᠨ᠎ᠠ᠃ ᠨᠥᠭᠡᠴᠡᠯᠡᠬᠦ ᠬᠡᠮᠵᠢᠶ᠎ᠡ ᠶᠢ ᠨᠡᠮᠡᠭᠳᠡᠭᠦᠯᠦᠭᠰᠡᠨ ᠤ ᠳᠠᠷᠠᠭ᠎ᠠ᠂ ᠪᠠᠴᠢᠮ | ᠪᠠᠶᠢᠳᠠᠯ ᠢ ᠠᠷᠭᠠᠴᠠᠭᠠᠬᠤ ᠪᠠᠶᠢᠳᠠᠯ ᠳᠣᠤᠷᠠᠬᠢ ᠠᠮᠤ ᠪᠤᠳᠠᠭ᠎ᠠ ᠲᠣᠰᠣᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ ᠪᠠᠴᠢᠮ | ᠪᠠᠶᠢᠳᠠᠯ ᠢ ᠠᠷᠭᠠᠴᠠᠭᠠᠬᠤ ᠪᠡᠯᠡᠨ ᠠᠮᠤ ᠪᠤᠳᠠᠭ᠎ᠠ ᠠᠴᠠ ᠭᠠᠳᠠᠨ᠎ᠠ᠂ ᠮᠠᠨ ᠤ ᠬᠤᠲᠠ ᠳᠤ ᠪᠠᠰᠠ ᠪᠦᠳᠦᠭᠦᠯᠢᠭ ᠠᠮᠤ ᠨᠥᠭᠡᠴᠡ ᠲᠠᠢ᠂ ᠬᠡᠷᠪᠡ ᠪᠠᠴᠢᠮ ᠪᠠᠶᠢᠳᠠᠯ | ᠲᠣᠬᠢᠶᠠᠯᠳᠤᠪᠠᠯ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠪᠡᠯ᠂ ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠭᠠᠬᠤ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠳᠤ ᠲᠦᠰᠢᠭᠯᠡᠨ ᠪᠦᠳᠦᠭᠦᠯᠢᠭ ᠠᠮᠤ ᠨᠥᠭᠡᠴᠡ ᠶᠢ ᠴᠠᠭ ᠲᠤᠬᠠᠶ ᠳᠤᠨᠢ ᠬᠡᠷᠡᠭᠯᠡᠨ ᠲᠤᠬᠠᠶ ᠶᠢᠨ ᠭᠠᠵᠠᠷ ᠲᠤᠨᠢ | ᠪᠣᠯᠪᠠᠰᠤᠷᠠᠭᠤᠯᠵᠤ᠂ ᠵᠠᠬ᠎ᠠ ᠳᠡᠯᠭᠡᠭᠦᠷ ᠲᠤ ᠭᠠᠷᠭᠠᠵᠤ ᠪᠣᠯᠤᠨ᠎ᠠ᠃ ᠣᠳᠣᠬᠠᠨ ᠤ ᠪᠢᠳᠡᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠳᠤ ᠰᠠᠭᠤᠷᠢᠯᠠᠨ᠂ ᠮᠠᠨ ᠤ ᠬᠤᠲᠠ ᠶᠢᠨ ᠠᠮᠤ ᠪᠤᠳᠠᠭ᠎ᠠ ᠲᠣᠰᠣᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠦᠷᠢᠮᠦᠰᠦᠨ ᠪᠠᠲᠤᠯᠠᠵᠤ ᠪᠣᠯᠬᠤ ᠶᠤᠮ᠂ | ᠪᠢᠳᠡ ᠪᠠᠰᠠ ᠠᠷᠠᠳ ᠣᠯᠠᠨ ᠢ ᠠᠶᠤᠵᠤ ᠰᠠᠨᠳᠤᠷᠬᠤ ᠬᠡᠷᠡᠭ ᠦᠭᠡᠢ᠂ ᠬᠡᠷᠡᠭᠯᠡᠭᠡᠨ ᠤ ᠪᠠᠨ ᠬᠢᠷᠢ ᠪᠠᠷ ᠬᠤᠳᠠᠯᠳᠤᠨ ᠠᠪᠴᠤ᠂ ᠬᠤᠳᠠᠯᠳᠤᠨ ᠠᠪᠴᠤ ᠳᠠᠷᠤᠵᠤ | ᠲᠠᠯᠪᠢᠬᠤ ᠬᠡᠷᠡᠭ ᠦᠭᠡᠢ ᠭᠡᠵᠦ ᠤᠷᠢᠶᠠᠯᠠᠵᠤ ᠪᠠᠶᠢᠨ᠎ᠠ᠃ | 7. ᠬᠥᠲᠥᠯᠥᠭᠴᠢ | ᠣᠳᠣ ᠮᠠᠨ ᠤ ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠶᠠᠭ ᠪᠠᠴᠢᠮ ᠶᠠᠭᠠᠷᠠᠯᠲᠠᠶ ᠶᠠᠪᠤᠭᠳᠠᠵᠤ ᠪᠠᠶᠢᠨ᠎ᠠ᠂ ᠮᠠᠨ ᠤ | ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠪᠠᠶᠢᠳᠠᠯ ᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠦ︖ | 8. ᠴᠢᠶᠥᠥ ᠶᠠᠨ ᠰᠢᠶᠠ | ᠮᠠᠨ ᠤ ᠬᠤᠲᠠ ᠶᠢᠨ ᠨᠠᠮᠤᠷ ᠤᠨ ᠬᠤᠳᠠᠯᠳᠤᠨ ᠠᠪᠬᠤ ᠠᠮᠤ ᠪᠤᠳᠠᠭ᠎ᠠ ᠭᠤᠤᠯᠳᠠᠭᠤ ᠡᠷᠳᠡᠨᠢ ᠰᠢᠰᠢ ᠪᠠᠷ ᠭᠤᠤᠯᠯᠠᠵᠤ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠬᠠᠩᠭᠠᠭᠰᠠᠨ ᠲᠠᠷᠢᠶᠠᠯᠠᠩ ᠤᠨ ᠪᠠᠶᠢᠳᠠᠯ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ 2021 ᠣᠨ ᠳᠤ ᠮᠠᠨ ᠤ ᠬᠤᠲᠠ ᠶᠢᠨ | ᠲᠠᠷᠢᠭᠰᠠᠨ ᠡᠷᠳᠡᠨᠢ ᠰᠢᠰᠢ ᠶᠢᠨ ᠲᠠᠯᠠᠪᠠᠶ 366.83 ᠲᠦᠮᠡᠨ ᠮᠥ ᠬᠦᠷᠴᠦ᠂ ᠨᠢᠳᠤᠨᠤᠨ ᠤ ᠬᠢ ᠠᠴᠠ 37.99 ᠲᠦᠮᠡᠨ ᠮᠥ ᠨᠡᠮᠡᠭᠳᠡᠵᠡᠶ᠃ 2021 | ᠣᠨ ᠤ ᠮᠦ ᠪᠦᠷᠢ ᠶᠢᠨ ᠤᠨᠠᠯᠲᠠ ᠶᠢ 767.9 ᠵᠢᠩ ᠢᠶᠠᠷ ᠵᠢᠱᠢᠪᠡᠯ᠂ ᠶᠡᠷᠦᠩᠬᠡᠢ ᠤᠨᠠᠯᠲᠠ 140.84 ᠲᠦᠮᠡᠨ ᠲᠣᠨ ᠳᠤ ᠬᠦᠷᠴᠦ᠂ ᠣᠳᠣᠬᠠᠨ ᠳᠤ | ᠨᠠᠮᠤᠷ ᠤᠨ ᠠᠮᠤ ᠪᠤᠳᠠᠭ᠎ᠠ ᠶᠢ ᠨᠢᠭᠡᠨᠲᠡ ᠡᠬᠢᠯᠡᠨ ᠬᠤᠳᠠᠯᠳᠤᠨ ᠠᠪᠴᠤ᠂ ᠡᠷᠳᠡᠨᠢ ᠰᠢᠰᠢ ᠶᠢᠨ ᠦᠨ᠎ᠡ ᠨᠡᠯᠢᠶᠡᠳ ᠲᠣᠭᠲᠠᠭᠤᠨ ᠪᠠᠶᠢᠨ᠎ᠠ᠃ ᠣᠶᠢᠷ᠎ᠠ ᠶᠢᠨ | ᠬᠡᠳᠦᠨ ᠵᠢᠯ ᠳᠤ᠂ ᠮᠠᠨ ᠤ ᠬᠤᠲᠠ ᠶᠢᠨ ᠡᠷᠳᠡᠨᠢ ᠰᠢᠰᠢ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠲᠦᠷᠢᠮ ᠳᠤ ᠲᠦᠰᠢᠭᠯᠡᠨ᠂ ᠬᠤᠳᠠᠯᠳᠤᠨ ᠠᠪᠬᠤ ᠠᠵᠤ ᠠᠬᠤᠶᠢᠯᠠᠯ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠲᠠᠰᠤᠷᠠᠯᠲᠠ ᠥᠬᠡᠶ | ᠴᠢᠩᠭᠠᠷᠠᠭᠤᠯᠪᠠ᠃ ᠣᠳᠣᠬᠠᠨ ᠳᠤ᠂ ᠪᠢᠳᠡ ᠨᠢᠭᠡᠨᠲᠡ 3 ᠬᠤᠳᠠᠯᠳᠤᠨ ᠠᠪᠬᠤ ᠠᠵᠤ ᠠᠬᠤᠶᠢᠯᠠᠯ ᠳᠤ ᠡᠷᠳᠡᠨᠢ ᠰᠢᠰᠢ ᠬᠤᠳᠠᠯᠳᠤᠨ ᠠᠪᠬᠤ ᠢᠲᠡᠭᠡᠮᠵᠢ ᠶᠢᠨ | ᠪᠠᠲᠤᠯᠠᠭ᠎ᠠ ᠶᠢᠨ ᠰᠠᠭᠤᠷᠢ ᠮᠥᠩᠭᠦᠨ ᠤ ᠵᠢᠭᠡᠯᠡᠯᠭᠡ ᠶᠢᠨ ᠬᠤᠯᠪᠣᠭᠳᠠᠯ ᠪᠥᠬᠦᠶ ᠭᠠᠷ ᠭᠦᠢᠴᠡᠳᠭᠡᠯ ᠢ ᠭᠦᠢᠴᠡᠳᠭᠡᠵᠦ᠂ ᠠᠵᠤ ᠠᠬᠤᠶᠢᠯᠠᠯ ᠤᠨ ᠬᠤᠳᠠᠯᠳᠤᠨ | ᠠᠪᠬᠤ ᠪᠠᠯᠠ ᠮᠥᠩᠭᠦ ᠳᠤᠲᠠᠭᠳᠠᠬᠤ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠪᠡ᠃ ᠰᠡᠭᠦᠯᠴᠢ ᠶᠢᠨ ᠬᠤᠭᠤᠴᠠᠭᠠᠨ ᠳᠤ ᠬᠡᠷᠪᠡ ᠪᠠᠰᠠ ᠠᠵᠤ ᠠᠬᠤᠶᠢᠯᠠᠯ ᠪᠡᠯᠡ | ᠮᠥᠩᠭᠦ ᠭᠤᠶᠤᠴᠢᠯᠠᠬᠤ ᠱᠠᠭᠠᠷᠳᠠᠯᠭ᠎ᠠ ᠲᠠᠢ ᠪᠠᠶᠢᠪᠠᠯ᠂ ᠪᠢᠳᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠴᠠᠭ | ᠲᠤᠬᠠᠢ ᠳᠤᠨᠢ ᠭᠦᠢᠴᠡᠳᠬᠡᠵᠦ᠂ ᠠᠵᠤ ᠠᠬᠤᠶᠢᠯᠠᠯ ᠤᠨ ᠤᠷᠤᠭᠰᠢᠲᠠᠢ ᠪᠠᠷ ᠬᠤᠳᠠᠯᠳᠤᠨ ᠠᠪᠬᠤ ᠶᠢ ᠪᠠᠲᠤᠯᠠᠵᠤ᠂ ᠲᠠᠷᠢᠶᠠᠴᠢᠳ ᠤᠨ ︽ᠲᠠᠷᠢᠭᠰᠠᠨ ᠠᠮᠤ | ᠪᠤᠳᠠᠭ᠎ᠠ ᠪᠠᠨ ᠬᠤᠳᠠᠯᠳᠤᠵᠤ ᠭᠠᠷᠭᠠᠵᠤ ᠲᠡᠶᠢᠯᠬᠦ︾ ᠬᠤᠷᠢᠭ᠎ᠠ ᠱᠤᠭᠤᠮ ᠢ ᠪᠠᠲᠤ ᠰᠠᠬᠢᠨ᠎ᠠ᠃ 2021 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ᠂ | ᠶᠡᠷᠦᠩᠬᠡᠶ ᠰᠠᠶᠢᠳ ᠯᠢ ᠺᠧ ᠴᠢᠶᠠᠩ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ ᠵᠠᠰᠠᠪᠤᠷᠢ ᠣᠷᠣᠭᠤᠯᠤᠭᠰᠠᠨ ᠤ | ᠳᠠᠷᠠᠭᠠᠬᠢ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠲᠦᠷᠢᠮ︾ ᠢ ᠨᠡᠶᠢᠲᠡᠯᠡᠵᠦ᠂ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ | ᠦᠨᠡᠮᠯᠡᠯ ᠢ ᠬᠦᠴᠦᠨ ᠥᠬᠡᠶ ᠪᠣᠯᠭᠠᠵᠤ᠂ ᠳᠠᠩᠰᠠᠯᠠᠭᠤᠯᠬᠤ ᠲᠦᠷᠢᠮ ᠪᠣᠯᠭᠠᠨ ᠥᠭᠡᠷᠡᠴᠢᠯᠡᠬᠦ ᠪᠠᠷ ᠲᠣᠭᠲᠠᠭᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠤ | ᠠᠬᠤᠶᠢᠯᠠᠯ ᠤᠨ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠵᠤ ᠬᠤᠳᠠᠯᠳᠤᠨ ᠠᠪᠬᠤ ᠳᠤ | ᠲᠥᠬᠦᠮ ᠦᠵᠡᠭᠦᠯᠪᠡ᠃ | 9. ᠬᠥᠲᠥᠯᠥᠭᠴᠢ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠬᠤᠭᠤᠴᠠᠭᠠᠨ ᠳᠤ᠂ ᠲᠠᠷᠢᠶᠠᠴᠢᠳ ᠠᠮᠤ ᠪᠤᠳᠠᠭ᠎ᠠ ᠪᠠᠨ ᠬᠤᠳᠠᠯᠳᠤᠬᠤ ᠳᠡᠭᠡᠷ᠎ᠡ ᠬᠡᠷᠪᠡ ᠶᠠᠮᠠᠷᠪᠠ | ᠠᠰᠠᠭᠤᠳᠠᠯ ᠲᠠᠭᠠᠷᠠᠪᠠᠯ᠂ ᠲᠡᠳᠡᠨ ᠶᠠᠮᠠᠷ ᠠᠷᠭ᠎ᠠ ᠵᠠᠮ ᠢᠶᠠᠷ ᠠᠰᠠᠭᠤᠳᠠᠯ ᠢ ᠲᠤᠰᠬᠠᠬᠤ ᠪᠤᠢ︖ | 10. ᠯᠢᠦ ᠬᠤᠩ ᠯᠥᠩ | | | | | | | 2017 ᠣᠨ ᠠᠴᠠ ᠨᠠᠰᠢ᠂ ᠤᠯᠤᠰ ᠤᠨ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ 12325 ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠪᠠᠶᠢᠭᠤᠯᠪᠠ᠂ ᠡᠭᠦᠨ ᠤ ᠵᠣᠷᠢᠯᠭ᠎ᠠ ᠨᠢ ᠳᠠᠷᠤᠢ ᠲᠠᠷᠢᠶᠠᠴᠢᠨ᠂ ᠡᠯ᠎ᠡ ᠲᠦᠷᠦᠯ ᠤᠨ ᠠᠮᠤ | ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠠᠵᠤ ᠠᠬᠤᠶᠢᠯᠠᠯ ᠪᠣᠯᠤᠨ ᠬᠡᠷᠡᠭᠯᠡᠭᠴᠢᠳ ᠢ ᠪᠠᠭᠲᠠᠭᠠᠭᠰᠠᠨ ᠥᠷᠭᠡᠨ ᠤᠯᠠᠨ ᠠᠷᠠᠳ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ ᠶᠤᠮ᠃ ᠣᠯᠠᠨ ᠢᠶᠠᠷ ᠢᠶᠠᠨ ᠬᠡᠷᠪᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠲᠣᠬᠢᠶᠠᠯᠳᠤᠵᠤ᠂ ᠬᠡᠷᠡᠭᠯᠡᠭᠴᠢᠳ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠳᠠᠯ ᠭᠠᠷᠪᠠᠯ᠂ | ᠴᠠᠭ ᠲᠤᠬᠠᠶ ᠳᠤᠨᠢ 12325 ᠪᠥᠬᠦ ᠤᠯᠤᠰ ᠤᠨ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠤᠨ᠎ᠠ᠂ ᠢᠯᠡᠴᠢᠯᠡᠨ | ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠢᠳᠡ ᠲᠦᠢᠯᠪᠤᠷᠢᠲᠠᠶ ᠪᠠᠶᠢᠴᠠᠭᠠᠵᠤ᠂ ᠬᠠᠮᠤᠭ ᠡᠴᠦᠰ ᠲᠤ ᠢᠯᠡᠴᠢᠯᠡᠨ ᠮᠡᠳᠡᠭᠦᠯᠦᠭᠰᠡᠨ ᠬᠥᠮᠥᠨ ᠳᠤ ᠲᠣᠳᠣᠷᠬᠠᠶ | ᠬᠠᠷᠢᠭᠤᠯᠲᠠ ᠥᠭᠭᠦᠨ᠎ᠡ᠃ | 11. ᠬᠥᠲᠥᠯᠥᠭᠴᠢ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠷᠢᠶᠠᠬᠤ ᠶᠠᠪᠤᠴᠠ ᠳᠤ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠭᠰᠠᠨ ᠪᠤᠢ︖ | 12. ᠯᠢᠦ ᠬᠤᠩ ᠯᠥᠩ | ᠪᠢᠳᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠯᠲᠠ ᠥᠷᠨᠢᠭᠦᠯᠵᠦ᠂ ᠬᠤᠳᠠᠯᠳᠤᠨ ᠠᠪᠬᠤ | ᠠᠵᠤ ᠠᠬᠤᠶᠢᠯᠠᠯ ᠤᠨ ᠬᠤᠳᠠᠯᠳᠤᠨ ᠠᠪᠬᠤ ᠭᠠᠵᠠᠷ ᠲᠤ ᠬᠤᠳᠠᠯᠳᠤᠨ ᠠᠪᠬᠤ ᠠᠮᠤ ᠪᠤᠳᠠᠭᠠᠨ ᠤ ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ᠂ ᠬᠡᠮᠵᠢᠶ᠎ᠡ ︵ | ᠦᠨ᠎ᠡ︶ ᠶᠢᠨ ᠦᠨ᠎ᠡ ᠨᠤᠭᠤᠯᠬᠤ ᠲᠦᠷᠢᠮ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠡᠰᠡᠬᠦ᠂ ᠴᠢᠨᠠᠷ ᠢ ᠨᠢ ᠳᠠᠷᠤᠨ ᠦᠨ᠎ᠡ ᠶᠢ ᠨᠢ | ᠪᠠᠭᠤᠷᠠᠭᠤᠯᠤᠭᠰᠠᠨ᠂ ᠵᠢᠩ ᠢ ᠨᠢ ᠬᠠᠰᠤᠭᠰᠠᠨ᠂ ᠠᠮᠤ ᠪᠤᠳᠠᠭ᠎ᠠ ᠬᠤᠳᠠᠯᠳᠤᠭᠰᠠᠨ ᠵᠣᠭᠤᠰ ᠢ ᠥᠷᠢᠲᠦᠭᠰᠡᠨ ᠵᠡᠷᠭᠡ ᠲᠠᠷᠢᠶᠠᠴᠢᠳ ᠤᠨ ᠠᠰᠢᠭ ᠲᠤᠰᠠ ᠶᠢ | ᠬᠤᠬᠢᠷᠠᠭᠤᠯᠤᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠵᠤ᠂ ᠨᠠᠮᠤᠷ ᠤᠨ ᠠᠮᠤ ᠪᠤᠳᠠᠭ᠎ᠠ | ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ ᠬᠦ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠲᠤᠰᠠ ᠶᠢ | ᠬᠠᠮᠠᠭᠠᠯᠠᠪᠠ᠃ | 13. ᠬᠥᠲᠥᠯᠥᠭᠴᠢ | ᠮᠠᠨ ᠤ ᠬᠤᠲᠠ ᠶᠢᠨ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠨ᠎ᠠ᠂ ᠲᠡᠭᠡᠪᠡᠯ | ᠮᠠᠨ ᠤ ᠬᠤᠲᠠ ᠶᠢᠨ ᠠᠮᠤ ᠪᠤᠳᠠᠭᠠᠨ ᠤ ᠬᠥᠮᠥᠷᠭᠡ ᠶᠢ ᠬᠢᠷᠢ ᠵᠡᠷᠭᠡ ᠪᠠᠶᠢᠭᠤᠯᠤᠭᠰᠠᠨ᠂ ᠠᠮᠤ ᠪᠤᠳᠠᠭᠠᠨ ᠤ ᠬᠥᠮᠥᠷᠭᠡ ᠶᠢᠨ ᠠᠶᠤᠯᠭᠦᠢ ᠪᠠ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | 14. ᠯᠢᠦ ᡁᠢ | ᠰᠢᠨ᠎ᠡ ᠪᠠᠶᠢᠳᠠᠯ ᠳᠣᠣᠷ᠎ᠠ᠂ ︽ᠲᠥᠪ ᠬᠤᠲᠠ ᠶᠢᠨ ᠠᠮᠤ ᠪᠤᠳᠠᠭᠠᠨ ᠤ ᠬᠥᠮᠥᠷᠭᠡ︾ ᠶᠢ ᠰᠠᠶᠢᠨ ᠪᠠᠶᠢᠭᠤᠯᠵᠤ ᠰᠠᠶᠢᠨ ᠬᠠᠮᠢᠶᠠᠷᠬᠤ ᠨᠢ ᠪᠢᠳᠠᠨ ᠤ | ᠵᠠᠶᠢᠯᠠᠭᠤᠯᠵᠤ ᠪᠣᠯᠣᠰᠢ ᠦᠭᠡᠢ ᠢᠷᠠᠭᠤ ᠠᠯᠳᠠᠷᠲᠤ ᠡᠭᠦᠷᠭᠡ ᠮᠥᠨ᠃ ᠠᠮᠤ ᠪᠤᠳᠠᠭᠠᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠢᠳ᠋ᠨ | ︽ᠬᠤᠲᠠ ᠶᠢᠨ ᠲᠡᠰ ᠤᠨ ᠠᠮᠤ ᠪᠤᠳᠠᠭ᠎ᠠ ᠲᠣᠰᠣ ᠶᠢ ᠨᠥᠭᠡᠴᠡᠯᠡᠬᠦ ᠠᠵᠤ ᠠᠬᠤᠶᠢᠯᠠᠯ ᠤᠨ ᠮᠡᠳᠡᠭᠡ ᠵᠠᠩᠭᠢ ᠶᠢ ᠪᠦᠬᠦᠨ ᠢ ᠬᠠᠮᠤᠷᠬᠤ ᠪᠦᠲᠦᠭᠡᠨ ᠪᠠᠶᠢᠭᠤᠯᠤᠯᠲᠠ︾ | ᠪᠠᠷ ᠭᠠᠷᠳᠠᠴᠠ ᠪᠣᠯᠭᠠᠵᠤ᠂ ᠮᠠᠨ ᠤ ᠬᠤᠲᠠ ᠶᠢᠨ ᠠᠮᠤ ᠪᠤᠳᠠᠭᠠᠨ ᠤ ᠬᠥᠮᠥᠷᠭᠡ ᠶᠢᠨ ᠲᠣᠨᠤᠭ ᠲᠥᠬᠦᠭᠡᠷᠦᠮᠵᠢ ᠶᠢᠨ ᠬᠠᠭᠤᠴᠢᠷᠠᠭᠰᠠᠨ ᠪᠠᠶᠢᠳᠠᠯ ᠢ | ᠬᠤᠪᠢᠷᠠᠭᠤᠯᠤᠨ᠂ ᠪᠣᠬᠢᠷᠲᠤᠯ ᠦᠭᠡᠢ ᠣᠶᠣᠨᠲᠣ ᠠᠮᠤ ᠪᠤᠳᠠᠭ᠎ᠠ ᠬᠠᠳᠠᠭᠠᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠠᠮᠤ ᠪᠤᠳᠠᠭᠠᠨ ᠤ | ᠬᠥᠮᠥᠷᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠤ ᠪᠤᠳᠠᠭ᠎ᠠ ᠶᠢ ᠬᠠᠳᠠᠭᠠᠯᠠᠬᠤ ᠪᠠ ᠪᠠᠴᠢᠮ ᠪᠠᠶᠢᠳᠠᠯ ᠳᠠᠬᠢ | ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠷᠢᠰᠢᠭᠤᠯᠤᠯ ᠨᠢ ᠵᠣᠬᠢᠰᠲᠠᠢ᠂ ᠪᠦᠲᠦᠴᠡ ᠨᠢ ᠰᠢᠯᠢᠳᠡᠭ᠂ ᠥᠷᠢᠰᠦᠯᠳᠦᠭᠡᠨ ᠲᠠᠢ ᠡᠮᠬᠢ ᠵᠢᠷᠤᠮ | ᠲᠠᠢ᠂ ᠬᠢᠨᠠᠯᠲᠠ ᠬᠠᠮᠢᠶᠠᠷᠤᠯᠲᠠ ᠰᠠᠶᠢᠨ ᠣᠳᠣᠬᠢᠴᠢᠯᠠᠭᠰᠠᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠪᠡ᠃ | ᠬᠠᠮᠢᠶᠠᠷᠤᠯᠲᠠ ᠶᠢᠨ ᠲᠠᠯ᠎ᠠ ᠪᠠᠷ᠂ ᠬᠠᠷᠢᠶ᠎ᠠ ᠣᠷᠣᠨ ᠤ ᠳᠣᠲᠣᠷᠠᠬᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠨᠥᠭᠡᠴᠡᠯᠡᠬᠦ ᠠᠵᠤ | ᠠᠬᠤᠶᠢᠯᠠᠯ ᠳᠠᠬᠢ ᠡᠳᠦᠷ ᠳᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠲᠤᠭ᠎ᠠ ᠬᠡᠮᠵᠢᠶ᠎ᠡ ᠶᠢᠨ ᠦᠨᠡᠨ ᠪᠣᠳᠠᠲᠠᠢ᠂ ᠪᠦᠲᠦᠴᠡ ᠨᠢ ᠵᠣᠬᠢᠰᠲᠠᠢ᠂ | ᠶᠠᠰᠤ ᠴᠢᠨᠠᠷ ᠰᠠᠶᠢᠨ᠂ ᠲᠣᠬᠢᠷᠠᠭᠤᠯᠬᠤ ᠨᠢ ᠪᠦᠲᠦᠮᠵᠢᠲᠡᠢ ᠪᠠᠶᠢᠬᠤ ᠶᠢ ᠪᠠᠲᠤᠯᠠᠵᠤ᠂ ᠨᠥᠭᠡᠴᠡᠯᠡᠭᠰᠡᠨ ᠠᠮᠤ ᠪᠤᠳᠠᠭᠠᠨ ᠤ ᠲᠣᠭᠲᠠᠭᠤᠨ ᠢ ᠪᠠᠲᠤᠯᠠᠪᠠ᠃ | ᠠᠶᠤᠯᠭᠦᠢ ᠶᠢᠨ ᠲᠠᠯ᠎ᠠ ᠪᠠᠷ᠂ 2021 ᠣᠨ ᠳᠤ ᠠᠮᠤ ᠪᠤᠳᠠᠭᠠᠨ ᠤ ᠠᠵᠢᠯ ᠲᠥᠷᠥᠯ ᠳᠤ ᠠᠷᠪᠠᠭᠠᠳ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠬᠢᠵᠦ᠂ ᠲᠣᠮᠣ ᠶᠡᠭᠡ ᠠᠶᠤᠯᠭᠦᠢ ᠶᠢᠨ ᠠᠳᠡᠯ ᠤᠨ ᠰᠤᠷᠭᠠᠮᠵᠢ ᠶᠢ ᠪᠦᠬᠦ ᠲᠠᠯ᠎ᠠ ᠪᠠᠷ ᠰᠢᠩᠭᠡᠭᠡᠭᠰᠡᠨ ᠰᠠᠭᠤᠷᠢᠨ ᠳᠡᠭᠡᠷ᠎ᠡ᠂ ᠨᠢᠭᠡ ᠠᠴᠠ | ᠨᠥᠬᠦᠭᠡ ᠶᠢ ᠵᠦᠢᠴᠢᠯᠡᠨ᠂ ᠪᠠᠭᠤᠷᠠᠢ ᠭᠤᠭᠴᠤᠭ᠎ᠠ ᠪᠠᠨ ᠡᠷᠢᠨ ᠬᠠᠨᠳᠤᠯᠭᠠᠲᠤ ᠴᠢᠨᠠᠷ ᠲᠠᠢ ᠪᠠᠶᠢᠴᠠᠭᠠᠯᠲᠠ ᠬᠢᠬᠦ ᠶᠢᠨ ᠬᠠᠮᠲᠤ᠂ ︽ᠠᠮᠤ ᠪᠤᠳᠠᠭᠠᠨ ᠤ | ᠠᠶᠤᠯᠭᠦᠢ ᠶᠢᠨ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ | ᠣᠷᠣᠨ᠂ ᠠᠶᠤᠯᠭᠦᠢ ᠦᠢᠯᠡᠳᠪᠦᠷᠢᠯᠡᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ | ᠤᠶᠠᠯᠳᠤᠭᠤᠯᠵᠤ᠂ ᠮᠠᠨ ᠤ ᠬᠤᠲᠠ ᠶᠢᠨ ᠠᠮᠤ ᠪᠤᠳᠠᠭᠠᠨ ᠤ ᠠᠵᠢᠯ ᠲᠥᠷᠥᠯ ᠤᠨ ᠪᠣᠳᠠᠲᠤ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠪᠠ ᠲᠤᠬᠠᠶᠢᠯᠠᠭᠰᠠᠨ ᠠᠵᠢᠯ ᠢ ᠬᠠᠷᠢᠯᠴᠠᠨ ᠤᠶᠠᠯᠳᠤᠭᠤᠯᠤᠨ᠂ ᠠᠮᠤ ᠪᠤᠳᠠᠭ᠎ᠠ ᠳᠤ ᠬᠤᠯᠪᠣᠭᠳᠠᠭᠰᠠᠨ ᠠᠵᠤ | ᠠᠬᠤᠶᠢᠯᠠᠯ ᠳᠤ ᠣᠯᠠᠨᠲᠠ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠴᠤ᠂ ︽ᠠᠵᠤ ᠠᠬᠤᠶᠢᠯᠠᠯ ᠳᠤ ᠬᠦᠷᠬᠦ ᠪᠦᠷᠢ | ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ︾ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠠᠶᠤᠯᠭᠦᠢ ᠶᠢᠨ ᠳᠠᠯᠳᠠ ᠭᠡᠮ ᠲᠠᠢ ᠠᠰᠠᠭᠤᠳᠠᠯ ᠢ ᠴᠡᠭᠴᠡᠯᠡᠨ | ᠰᠠᠶᠢᠵᠢᠷᠠᠭᠤᠯᠪᠠ᠃ | 15. ᠬᠥᠲᠥᠯᠥᠭᠴᠢ | ᠣᠷᠴᠢᠮ ᠤᠨ ᠵᠢᠯ ᠤᠳ ᠲᠤ ᠪᠢᠳᠡ ︽ᠢᠳᠡᠵᠦ ᠴᠠᠳᠳᠠᠭ︾ ᠪᠠᠶᠢᠭᠰᠠᠨ ᠠᠴᠠ ᠪᠠᠨ ︽ᠰᠠᠶᠢᠨ ᠢ ᠢᠳᠡᠬᠦ︾ ᠳᠠᠰᠢ ᠬᠤᠪᠢᠷᠠᠵᠤ᠂ ᠠᠷᠠᠳ | ᠢᠷᠭᠡᠳ ᠤᠨ ᠬᠡᠷᠡᠭᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠶᠤᠯᠭᠦᠢ ᠶᠢᠨ ᠤᠬᠠᠮᠰᠠᠷ ᠪᠠ ᠲᠥᠷᠥᠯ ᠲᠡᠮᠳᠡᠭᠲᠦ ᠶᠢᠨ ᠤᠬᠠᠮᠰᠠᠷ ᠴᠤ ᠤᠯᠠᠮ ᠢᠶᠠᠷ | ᠴᠢᠩᠭᠠᠷᠠᠵᠤ ᠪᠠᠶᠢᠨ᠎ᠠ᠂ ᠲᠡᠭᠡᠪᠡᠯ ︽ᠰᠠᠶᠢᠨ ᠢ ᠢᠳᠡᠬᠦ︾ ᠲᠠᠯ᠎ᠠ ᠪᠠᠷ ᠠᠮᠤ ᠪᠤᠳᠠᠭᠠᠨ ᠤ ᠰᠠᠯᠠᠭ᠎ᠠ ᠮᠥᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | 16. ᠭᠤᠤ ᠶᠠᠩ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠲᠦᠷᠢᠮ ᠤᠨ | ᠥᠭᠡᠷᠡᠴᠢᠯᠡᠯᠲᠡ ᠶᠢᠨ ᠲᠠᠰᠤᠷᠠᠯᠳᠠ ᠦᠭᠡᠢ ᠠᠬᠢᠬᠤ ᠶᠢ ᠳᠠᠭᠠᠯᠳᠤᠨ᠂ ᠤᠯᠤᠰ ᠠᠴᠠ 2017 ᠣᠨ ᠠᠴᠠ ᠡᠬᠢᠯᠡᠨ ︽ᠴᠢᠨᠠᠷ ᠰᠠᠶᠢᠲᠠᠶ ᠠᠮᠤ ᠪᠤᠳᠠᠭᠠᠨ ᠤ | ᠢᠨᠵᠧᠨᠧᠷᠢᠩ︾ ᠢ ᠬᠡᠷᠡᠭᠵᠢᠭᠦᠯᠵᠦ᠂ ᠡᠨᠡ ᠬᠦ ᠢᠨᠵᠧᠨᠧᠷᠢᠩ ᠢ ᠪᠦᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠪᠡ᠃ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ 2018 ᠣᠨ ᠳᠤ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠤᠨ | ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠡᠯ᠎ᠡ ᠲᠥᠷᠥᠯ ᠵᠦᠢᠯ ᠢ ᠰᠢᠯᠢᠨ ᠰᠣᠩᠭᠤᠬᠤ᠂ ᠬᠢᠨᠠᠨ ᠲᠣᠭᠲᠠᠭᠠᠬᠤ᠂ ᠢᠯᠡ ᠨᠡᠶᠢᠲᠡᠯᠡᠬᠦ᠂ ᠬᠠᠮᠲᠤᠷᠠᠨ | ᠮᠡᠳᠡᠭᠦᠯᠬᠦ ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠠᠮᠠᠯᠠᠬᠤ ᠪᠠᠷ ᠳᠡᠮᠵᠢᠨ᠂ ᠭᠤᠷᠪᠠᠨ ᠵᠢᠯ ᠳᠤ ᠨᠡᠶᠢᠲᠡ 74 ᠲᠥᠷᠥᠯ ᠵᠦᠢᠯ ᠢ | ᠬᠡᠷᠡᠭᠵᠢᠭᠦᠯᠵᠦ᠂ 9 ᠬᠤᠰᠢᠭᠤ ᠰᠢᠶᠠᠨ ᠲᠣᠭᠤᠷᠢᠭ ᠢ ᠬᠠᠮᠤᠷᠴᠤ᠂ ᠶᠡᠷᠦᠩᠬᠡᠶ ᠪᠠᠯᠠ ᠣᠷᠣᠭᠤᠯᠤᠯᠲᠠ ᠶᠢᠨ ᠬᠡᠮᠵᠢᠶ᠎ᠡ 28323.55 ᠲᠦᠮᠡᠨ ᠲᠥᠭᠦᠷᠢᠭ | ᠬᠦᠷᠴᠦ᠂ ᠲᠥᠪ ᠤᠨ 8767 ᠲᠦᠮᠡᠨ ᠲᠥᠭᠦᠷᠢᠭ ᠤᠨ ᠨᠥᠬᠦᠪᠥᠷᠢ ᠮᠥᠩᠭᠦ ᠶᠢ ᠣᠯᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠳᠠᠷᠠᠭᠠᠬᠢ | ᠦᠢᠯᠡᠴᠢᠯᠡᠭᠡᠨ ᠤ ᠲᠥᠪ ᠢ ᠨᠡᠶᠢᠲᠡ 40 ᠪᠠᠶᠢᠭᠤᠯᠵᠤ᠂ ︽ᠰᠠᠶᠢᠨ ᠠᠮᠤ ᠪᠤᠳᠠᠭ᠎ᠠ ᠲᠣᠰᠣ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠨᠡᠶᠢᠲᠡ 25 | ᠪᠠᠶᠢᠭᠤᠯᠵᠤ᠂ ᠪᠦᠳᠦᠭᠦᠯᠢᠭ ᠠᠮᠤ ᠪᠤᠳᠠᠭ᠎ᠠ ᠶᠢ ᠨᠡᠶᠢᠲᠡ 120.35 ᠲᠦᠮᠡᠨ ᠲᠣᠨ ᠬᠤᠳᠠᠯᠳᠤᠨ ᠠᠪᠴᠤ᠂ ᠪᠣᠷᠣᠯᠠᠭᠤᠯᠤᠯᠲᠠ ᠶᠢᠨ ᠣᠷᠣᠯᠭ᠎ᠠ ᠶᠢ 35.71 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ 19.75 ᠲᠦᠮᠡᠨ ᠲᠣᠨ ᠪᠠᠭᠠᠰᠬᠠᠵᠤ᠂ ᠲᠠᠷᠢᠶᠠᠴᠢᠳ ᠤᠨ ᠣᠷᠣᠯᠭ᠎ᠠ ᠶᠢ | 1.91 ᠳ᠋ᠦᠩᠰᠢᠭᠤᠷ ᠲᠥᠭᠦᠷᠢᠭ ᠨᠡᠮᠡᠭᠳᠡᠭᠦᠯᠪᠡ︔ 3 ᠶᠠᠰᠤ ᠴᠢᠨᠠᠷ ᠤᠨ ᠪᠠᠶᠢᠴᠠᠭᠠᠯᠲᠠ ᠶᠢᠨ ᠪᠠᠶᠢᠭᠤᠯᠤᠮᠵᠢ ᠶᠢ ᠭᠤᠣᠯᠳᠠᠯᠭ᠎ᠠ ᠲᠠᠢ ᠲᠡᠳᠬᠦᠵᠦ᠂ ᠮᠠᠨ ᠤ | ᠬᠤᠲᠠ ᠶᠢᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠠᠮᠤ ᠪᠤᠳᠠᠭ᠎ᠠ ᠶᠢ ᠰᠢᠯᠭᠠᠨ ᠪᠠᠶᠢᠴᠠᠭᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠠᠮᠤ | ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠠᠮᠤ ᠪᠤᠳᠠᠭᠠᠨ ᠤ ᠶᠠᠰᠤ ᠴᠢᠨᠠᠷ ᠤᠨᠠᠯᠲᠠ ᠪᠠᠷ ᠰᠠᠭᠤᠷᠢ | ᠪᠣᠯᠭᠠᠵᠤ᠂ ᠤᠨᠠᠯᠲᠠ ᠶᠢ ᠨᠡᠮᠡᠭᠳᠡᠭᠦᠯᠬᠦ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠡᠰᠢ ᠬᠤᠪᠢᠷᠠᠭᠤᠯᠵᠤ᠂ ᠡᠳ᠋ᠰᠢᠭᠦᠯᠬᠦ ᠦᠢᠯᠡᠰ ᠢᠶᠠᠷ ᠠᠮᠤ ᠪᠤᠳᠠᠭᠠᠨ ᠤ | ᠭᠠᠷᠤᠯᠲᠠ ᠶᠢᠨ ᠣᠷᠣᠨ ᠢ ᠲᠣᠬᠢᠷᠠᠭᠤᠯᠤᠨ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠪᠡ︔ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠨ ᠰᠠᠶᠢᠨ | ᠦᠨ᠎ᠡ ᠪᠠᠷ ᠬᠤᠳᠠᠯᠳᠤᠨ ᠠᠪᠬᠤ ᠪᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ | ᠠᠵᠤ ᠠᠬᠤᠶᠢᠯᠠᠯ ᠤᠨ ᠵᠠᠬᠢᠶᠠᠯᠠᠭ᠎ᠠ ᠪᠠᠷ ᠬᠤᠳᠠᠯᠳᠤᠨ ᠠᠪᠬᠤ ᠶᠢ ᠬᠥᠭᠵᠢᠭᠦᠯᠬᠦ ᠶᠢ ᠳᠡᠮᠵᠢᠵᠦ᠂ ᠡᠳ᠋ᠰᠢᠭᠦᠯᠵᠦ ᠪᠣᠯᠪᠠᠰᠤᠷᠠᠭᠤᠯᠬᠤ ᠬᠡᠷᠡᠭᠴᠡᠭᠡ ᠪᠠᠷ ᠠᠮᠤ | ᠪᠤᠳᠠᠭ᠎ᠠ ᠶᠢ ᠲᠥᠷᠥᠯ ᠬᠤᠪᠢᠶᠠᠨ ᠵᠡᠷᠭᠡ ᠲᠡᠰ ᠲᠣᠭᠲᠠᠭᠠᠪᠠ︔ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠨ ᠰᠠᠶᠢᠨ ᠨᠥᠭᠡᠴᠡᠯᠡᠬᠦ ᠪᠠᠷ ᠤᠷᠢᠲᠠᠯ ᠪᠣᠯᠭᠠᠵᠤ᠂ | ᠠᠮᠤ ᠪᠤᠳᠠᠭ᠎ᠠ ᠶᠢ ᠪᠣᠬᠢᠷᠲᠤᠯ ᠦᠭᠡᠢ ᠨᠥᠭᠡᠴᠡᠯᠡᠬᠦ ᠮᠡᠷᠭᠡᠵᠢᠯ ᠢ ᠳᠡᠯᠭᠡᠷᠡᠭᠦᠯᠵᠦ᠂ ᠠᠮᠤ ᠪᠤᠳᠠᠭᠠᠨ ᠤ ᠬᠥᠮᠥᠷᠭᠡ ᠶᠢ ᠤᠶᠤᠨᠴᠢᠯᠠᠨ ᠲᠡᠰ ᠳᠡᠪᠰᠢᠭᠦᠯᠵᠦ | ᠥᠭᠡᠷᠡᠴᠢᠯᠡᠪᠡ︔ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠨ ᠰᠠᠶᠢᠨ ᠡᠳ᠋ᠰᠢᠭᠦᠯᠬᠦ ᠪᠠᠷ ᠠᠷᠭ᠎ᠠ ᠵᠠᠮ ᠪᠣᠯᠭᠠᠵᠤ᠂ ᠠᠮᠤ ᠪᠤᠳᠠᠭ᠎ᠠ ᠲᠣᠰᠣᠨ ᠤ | ᠪᠦᠲᠦᠭᠡᠭᠳᠡᠬᠦᠨ ᠢ ᠵᠣᠬᠢᠰᠲᠠᠶ ᠡᠳ᠋ᠰᠢᠭᠦᠯᠬᠦ ᠶᠢ ᠳᠡᠯᠭᠡᠷᠡᠭᠦᠯᠵᠦ᠂ ᠪᠣᠬᠢᠷᠲᠤᠯ ᠥᠬᠡᠶ ᠰᠢᠮ᠎ᠡ ᠲᠡᠵᠢᠭᠡᠯ ᠲᠠᠢ ᠡᠷᠡᠭᠦᠯ ᠠᠮᠤ ᠪᠤᠳᠠᠭ᠎ᠠ ᠲᠣᠰᠣᠨ ᠤ ᠪᠦᠲᠦᠭᠡᠭᠳᠡᠬᠦᠨ ᠢ | ᠨᠡᠮᠡᠭᠳᠡᠭᠦᠯᠪᠡ︔ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠨ ᠰᠠᠶᠢᠨ ᠪᠣᠷᠣᠯᠠᠭᠤᠯᠬᠤ ᠪᠠᠷ ᠬᠠᠷᠠᠯᠲᠠ ᠪᠣᠯᠭᠠᠵᠤ᠂ ᠪᠦᠳᠦᠭᠦᠯᠢᠭ ᠠᠮᠤ ᠪᠤᠳᠠᠭ᠎ᠠ ᠶᠢᠨ | ᠭᠠᠷᠤᠯᠲᠠ ᠶᠢᠨ ᠣᠷᠣᠨ᠂ ᠬᠤᠷᠢᠶᠠᠯᠲᠠ ᠶᠢᠨ ᠴᠠᠭ᠂ ᠬᠠᠳᠠᠭᠠᠯᠠᠬᠤ ᠠᠷᠭ᠎ᠠ ᠮᠠᠶ᠋ᠢᠭ᠂ ᠡᠳ᠋ᠰᠢᠭᠦᠯᠬᠦ ᠶᠠᠪᠤᠴᠠ ᠵᠡᠷᠭᠡ ᠶᠢᠨ ᠮᠥᠷᠳᠡᠯᠲᠡ ᠶᠢᠨ ᠮᠡᠳᠡᠭᠡ ᠵᠠᠩᠭᠢ ᠶᠢ | ᠬᠠᠩᠭᠠᠵᠤ᠂ ᠬᠡᠷᠡᠭᠯᠡᠭᠴᠢᠳ ᠦᠵᠡᠮᠡᠭᠴᠡ ᠲᠠᠨᠢᠵᠤ᠂ ᠬᠡᠷᠡᠭᠯᠡᠬᠦ ᠳᠤ ᠰᠠᠨᠠᠭ᠎ᠠ ᠠᠮᠤᠷ ᠪᠠᠶᠢᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠲᠥᠷᠥᠯ | ᠵᠦᠢᠯ ᠢ ᠨᠡᠮᠡᠭᠳᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠲᠥᠷᠥᠯ ᠲᠡᠮᠳᠡᠭᠲᠦ ᠶᠢ ᠡᠭᠦᠳᠴᠦ᠂ ᠪᠣᠬᠢᠷᠲᠤᠯ ᠥᠬᠡᠶ ᠴᠢᠨᠠᠷ ᠰᠠᠶᠢᠲᠠᠶ᠂ ᠰᠢᠮ᠎ᠡ | ᠲᠡᠵᠢᠭᠡᠯ ᠲᠠᠢ ᠡᠷᠡᠭᠦᠯ ᠠᠮᠤ ᠪᠤᠳᠠᠭ᠎ᠠ ᠲᠣᠰᠣᠨ ᠤ ᠪᠦᠲᠦᠭᠡᠭᠳᠡᠬᠦᠨ ᠢ ᠶᠡᠬᠡᠪᠡᠷ ᠬᠥᠭᠵᠢᠭᠦᠯᠵᠦ᠂ ᠥᠷᠭᠡᠨ ᠣᠯᠠᠨ ᠠᠷᠠᠳ ᠲᠦᠮᠡᠨ ᠤ ︽ᠰᠠᠶᠢᠨ ᠢ ᠢᠳᠡᠬᠦ︾᠂ | ︽ᠰᠢᠮ᠎ᠡ ᠲᠡᠵᠢᠭᠡᠯ ᠲᠠᠢ ᠢᠳᠡᠬᠦ︾᠂ ︽ᠢᠳᠡᠬᠦ ᠶᠢᠨ ᠡᠷᠡᠭᠦᠯ ᠮᠡᠨᠳᠦ︾ ᠶᠢᠨ ᠬᠡᠷᠡᠭᠴᠡᠭᠡ ᠶᠢ ᠬᠠᠩᠭᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠲᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ | ᠶᠣᠰᠣᠭᠠᠷ᠂ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠮᠠᠨ ᠤ ᠬᠤᠲᠠ ᠶᠢᠨ ᠠᠮᠤ | ᠪᠤᠳᠠᠭᠠᠨ ᠤ ᠠᠶᠤᠯᠭᠦᠢ ᠶᠢᠨ ᠰᠠᠭᠤᠷᠢ ᠶᠢ ᠦᠨᠡᠨ ᠬᠦ ᠪᠠᠬᠢᠵᠢᠭᠦᠯᠵᠦ᠂ ᠠᠮᠤ ᠪᠤᠳᠠᠭᠠᠨ ᠤ ᠪᠦᠲᠦᠭᠡᠭᠳᠡᠬᠦᠨ ᠤ ᠪᠦᠲᠦᠴᠡ ᠶᠢ ᠰᠢᠯᠢᠳᠡᠭᠵᠢᠭᠦᠯᠵᠦ᠂ ᠠᠮᠤ | ᠪᠤᠳᠠᠭᠠᠨ ᠤ ᠠᠵᠤ ᠠᠬᠤᠶᠢᠯᠠᠯ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠬᠡᠪ ᠴᠢᠨᠠᠷ ᠢ ᠳᠡᠭᠡᠭᠰᠢᠯᠡᠭᠦᠯᠵᠦ᠂ | ᠲᠠᠷᠢᠶᠠᠴᠢᠳ ᠤᠨ ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠪᠣᠯᠣᠨ᠎ᠠ᠃ | 17. ᠬᠥᠲᠥᠯᠥᠭᠴᠢ | ᠥᠨᠥᠳᠥᠷ ᠪᠢᠳᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠤᠳᠤᠷᠢᠳᠤᠯᠭ᠎ᠠ ᠪᠣᠯᠣᠨ ᠨᠥᠬᠦᠳ ᠢ ᠤᠷᠢᠵᠤ ᠠᠮᠤ | ᠪᠤᠳᠠᠭᠠᠨ ᠤ ᠠᠶᠤᠯᠭᠦᠢ ᠶᠢᠨ ᠰᠢᠨ᠎ᠡ ᠪᠠᠶᠢᠳᠠᠯ ᠢ ᠲᠠᠨᠢᠯᠴᠠᠭᠤᠯᠤᠭᠰᠠᠨ ᠳᠠᠭᠠᠨ ᠮᠠᠰᠢ ᠪᠠᠶᠠᠷᠳᠠᠢ ᠪᠠᠶᠢᠨ᠎ᠠ᠂ ᠠᠵᠢᠯ ᠤᠨ ᠶᠠᠭᠠᠷᠠᠤ ᠴᠤ ᠴᠢᠯᠦᠭᠡ ᠭᠠᠷᠭᠠᠵᠤ ᠪᠢᠳᠠᠨ | ᠲᠠᠢ ᠶᠠᠷᠢᠯᠴᠠᠭ᠎ᠠ ᠬᠢᠭᠰᠡᠨ ᠳᠤ ᠪᠠᠶᠠᠷᠯᠠᠯ᠎ᠠ᠃ | 18. ᠬᠠᠮᠢᠶᠠᠷᠤᠭᠴᠢ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠶᠣᠣ ᠪᠣᠣ ᠯᠤ᠋᠂ ᠠᠮᠤ | ᠪᠤᠳᠠᠭᠠᠨ ᠤ ᠬᠢᠨᠠᠯᠲᠠ ᠪᠠᠶᠢᠴᠠᠭᠠᠯᠲᠠ ᠶᠢᠨ ᠰᠠᠯᠠᠭ᠎ᠠ ᠶᠢᠨ ᠳᠠᠷᠤᠭ᠎ᠠ ᠯᠢᠦ ᠬᠤᠩ ᠯᠦᠩ᠂ ᠠᠮᠤ ᠪᠤᠳᠠᠭᠠᠨ ᠤ ᠲᠥᠯᠥᠪᠵᠢᠭᠦᠯᠭᠡ ᠪᠠ ᠠᠵᠣ ᠦᠢᠯᠡᠰ ᠤᠨ | ᠬᠥᠭᠵᠢᠯᠲᠡ ᠶᠢᠨ ᠰᠠᠯᠠᠭ᠎ᠠ ᠶᠢᠨ ᠳᠠᠷᠤᠭ᠎ᠠ ᠭᠤᠤ ᠶᠠᠩ᠂ ᠠᠮᠤ ᠪᠤᠳᠠᠭ᠎ᠠ ᠨᠦᠭᠡᠴᠡᠯᠡᠬᠦ ᠰᠠᠯᠠᠭ᠎ᠠ ᠶᠢᠨ ᠳᠡᠳ᠋ ᠳᠠᠷᠤᠭ᠎ᠠ ᠯᠢᠦ ᡁᠢ᠂ ᠠᠮᠤ ᠪᠤᠳᠠᠭ᠎ᠠ ᠶᠢ | ᠲᠣᠬᠢᠷᠠᠭᠤᠯᠤᠨ ᠡᠵᠡᠮᠳᠡᠬᠦ ᠰᠠᠯᠠᠭ᠎ᠠ ᠶᠢᠨ ᠴᠢᠶᠥᠥ ᠶᠠᠨ ᠰᠢᠶᠠ ᠳᠤ ᠪᠠᠶᠠᠷᠯᠠᠯ᠎ᠠ᠂ ᠰᠦᠯᠵᠢᠶᠡᠨ ᠤ ᠨᠠᠶᠢᠵᠠ ᠨᠠᠷ ᠤᠨ ᠣᠷᠣᠯᠴᠠᠯᠭ᠎ᠠ ᠳᠤ ᠪᠠᠶᠠᠷᠯᠠᠯ᠎ᠠ᠂ ᠡᠨᠡ | ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠲᠠᠢ᠃ | |