ᠬᠤᠷᠢᠨᠭᠡᠷ ᠰᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/1
      ᠬᠤᠷᠢᠨᠭᠡᠷ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠠᠬᠢᠭᠤᠯᠬᠤ ᠶᠢᠨ ᠲᠤᠰᠠᠳᠠ᠂ 11 ᠰᠠᠷ᠎ᠠ ᠶᠢᠨ 30 ᠤ ᠡᠳᠦᠷ᠂ ᠮᠠᠨ ᠤ ᠰᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠴᠦ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ ᠡᠯ᠎ᠡ ᠰᠢᠶᠠᠩ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭᠤᠯᠤᠯᠲᠠ ᠶᠢᠨ ᠠᠵᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠵᠥᠪ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠤᠬᠠᠮᠰᠠᠷᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠬᠠᠷᠢᠭᠤᠴᠠᠨ ᠰᠠᠶᠢᠲᠤᠷ ᠠᠳᠬᠤᠵᠤ᠂ ᠨᠡᠶᠢᠭᠡᠮ ᠤᠨ ᠡᠯ᠎ᠡ ᠡᠲᠡᠭᠡᠳ ᠢ ᠨᠡᠶᠢᠳᠡᠮ ᠣᠷᠣᠯᠴᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠦᠨᠡᠨᠬᠦ ᠠᠰᠢᠭ ᠬᠦᠷᠲᠡᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠠᠰᠠᠭᠤᠳᠠᠯ ᠳᠤ ᠰᠢᠭᠤᠳ ᠬᠠᠨᠳᠤᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ ᠤᠨᠢᠨ ᠳᠡᠭᠡᠷ᠎ᠡ ᠨᠢ ᠤᠯᠠᠮᠵᠢᠯᠠᠨ ᠪᠠᠶᠢᠷᠢᠯᠠᠭᠤᠯᠵᠤ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠲᠠᠶᠢᠴᠢᠯᠠᠵᠦ᠂ ᠤᠯᠠᠨ ᠲᠦᠮᠡᠨ ᠢ ᠥᠷᠭᠡᠨ ᠢᠶᠠᠷ ᠨᠢᠭᠲᠠᠷᠠᠭᠤᠯᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ᠂ ᠪᠣᠯᠪᠠᠰᠤᠨ ᠤ ᠦᠢᠯᠡᠳᠦᠯᠭᠡ ᠶᠢ ᠬᠤᠳᠠ ᠬᠥᠳᠡᠭᠡ ᠶᠢᠨ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠬᠡᠷᠡᠭᠲᠡᠢ᠃ ᠡᠭᠦᠨ ᠤ ᠬᠠᠮᠲᠤ᠂ ᠬᠤᠷᠠᠯ ᠠᠴᠠ ᠪᠠᠰᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ ᠶᠢᠨ ᠪᠠᠶᠢᠭᠤᠯᠤᠯᠲᠠ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠥᠷᠨᠢᠭᠦᠯᠬᠦ ᠵᠡᠷᠭᠡ ᠱᠠᠭᠠᠷᠳᠠᠯᠭ᠎ᠠ ᠳᠤ ᠪᠣᠯᠪᠠᠰᠤᠷᠠᠯ ᠬᠦᠷᠲᠡᠭᠡᠵᠡᠢ᠃       ᠲᠤᠰ ᠤᠳᠠᠭ᠎ᠠ ᠶᠢᠨ ᠬᠤᠷᠠᠯ ᠤᠨ ᠬᠤᠷᠠᠯᠳᠤᠭᠰᠠᠨ ᠨᠢ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠳᠠᠷᠠᠭᠠᠴᠢ ᠶᠢᠨ ᠠᠯᠬᠤᠮ ᠳᠤ ᠮᠠᠨ ᠤ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠯ᠎ᠡ ᠵᠦᠢᠯ ᠤᠨ ᠠᠵᠢᠯ ᠤᠨ ᠰᠡᠳᠬᠢᠴᠡ ᠶᠢ ᠲᠣᠳᠣᠷᠬᠠᠶᠢᠯᠠᠵᠤ᠂ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ