ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ  ᠯᠢᠦ ᠵᠢᠢ ᠶᠢᠩ
ᠨᠡᠶᠢᠲᠡᠯᠡᠭᠰᠡᠨ ᠴᠠᠭ᠄
2021/12/10
W020230628524235437421.jpg
 ᠠᠵᠢᠯ ᠤᠨ ᠬᠤᠪᠢᠶᠠᠷᠢᠯᠠᠯ᠄     ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠢ᠂ ᠶᠡᠷᠦᠩᠬᠡᠢ ᠬᠡᠯᠲᠡᠰ ᠤᠨ ᠠᠵᠤ ᠠᠬᠤᠢ᠂ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠠᠵᠤ ᠦᠢᠯᠡᠳᠪᠦᠷᠢ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠠᠮᠤ ᠪᠤᠳᠠᠭ᠎ᠠ᠂ ᠡᠳ᠋ ᠤᠨ ᠵᠠᠰᠠᠭ᠂  ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ᠂ ᠬᠤᠳᠠᠯᠳᠤᠭᠠᠨ ᠤ ᠶᠠᠪᠤᠳᠠᠯ᠂ ᠦᠢᠯᠡᠴᠢᠯᠡᠭᠡᠨ ᠤ ᠦᠢᠯᠡᠰ᠂ ᠲᠤᠭ᠎ᠠ ᠪᠦᠷᠢᠳᠬᠡᠯ᠂ ᠪᠠᠶᠢᠭᠠᠯᠢ ᠶᠢᠨ ᠡᠬᠢ ᠪᠠᠶᠠᠯᠢᠭ᠂ ᠭᠠᠵᠠᠷ ᠰᠢᠷᠣᠢ ᠨᠥᠭᠡᠴᠡᠯᠡᠬᠦ᠂  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠲᠠᠮᠢᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ᠂ ᠬᠤᠳᠠ ᠶᠢᠨ ᠶᠡᠭᠡ ᠲᠠᠷᠢᠬᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠪᠡᠯᠡ ᠤᠷᠤᠭᠤᠯᠤᠯᠲᠠ ᠶᠢ ᠠᠬᠢᠭᠤᠯᠬᠤ᠂ ᠪᠠᠶᠢᠭᠤᠯᠭ᠎ᠠ ᠶᠢᠨ ᠬᠡᠷᠡᠭ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠠᠷᠤᠭ᠎ᠠ ᠶᠢ ᠬᠠᠪᠰᠤᠷᠤᠨ ᠬᠢᠨᠠᠨ  ᠪᠤᠳᠤᠬᠤ ᠲᠠᠯ᠎ᠠ ᠶᠢᠨ ᠠᠵᠢᠯ ᠢ ᠬᠤᠪᠢᠳᠠᠨ ᠬᠠᠮᠢᠶᠠᠷᠴᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠬᠤᠪᠢᠳᠠᠨ ᠬᠠᠮᠢᠶᠠᠷᠬᠤ᠄       ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠡᠪᠤᠳᠠᠯ ᠤᠨ ᠲᠤᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂  ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠲᠣᠬᠢᠷᠠᠭᠤᠯᠬᠤ ᠲᠥᠪ︶᠂ ᠪᠡᠯᠡ ᠤᠷᠤᠭᠤᠯᠤᠯᠲᠠ ᠶᠢ ᠠᠬᠢᠭᠤᠯᠬᠤ ᠲᠤᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠲᠥᠪ᠂ ᠬᠥᠬᠡᠬᠤᠲᠠ ᠶᠢᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠥᠪᠥᠷ ᠮᠣᠩᠭᠤᠯ ᠤᠨ ᠴᠢᠩ ᠴᠧᠩ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ᠂ ᠬᠥᠬᠡᠬᠤᠲᠠ ᠶᠢᠨ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠃ᠬᠠᠷᠢᠯᠴᠠᠬᠤ᠄       ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠤᠯᠤᠰ ᠤᠨ ᠭᠠᠶᠢᠯᠢ ᠶᠢᠨ ᠶᠡᠪᠤᠳᠠᠯ ᠤᠨ ᠶᠡᠷᠦᠩᠬᠡᠢ ᠲᠤᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠬᠡᠬᠤᠲᠠ ᠶᠢᠨ ᠪᠠᠶᠢᠴᠠᠭᠠᠬᠤ ᠠᠩᠭᠢ᠂ ᠰᠠᠶᠢᠬᠠᠨ ᠪᠤᠭᠤᠮᠲᠠ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠥᠬᠡᠬᠤᠲᠠ ᠶᠢᠨ ᠵᠥᠪᠯᠡᠯ᠂ ᠬᠥᠬᠡᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠤᠨᠲᠠᠷᠠᠭᠠᠬᠤ ᠶᠡᠷᠦᠩᠬᠡᠢ ᠠᠩᠭᠢ ᠶᠢᠨ ᠬᠥᠬᠡᠬᠤᠲᠠ ᠶᠢᠨ ᠶᠡᠭᠡ ᠠᠩᠭᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠦᠪᠦᠷ ᠮᠤᠩᠭᠤᠯ ᠤᠨ ᠬᠤᠪᠢᠶᠠᠷᠢ ᠪᠠᠩᠬᠢ᠂ ᠤᠯᠤᠰ ‍ᠤᠨ‌ᠮᠦ᠋ᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠤᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠳᠤ ᠰᠠᠭᠤᠭ᠎ᠠ ᠪᠤᠰᠤᠳ ᠡᠯ᠎ᠡ ᠪᠠᠩᠬᠢ᠂ ᠳᠠᠭᠠᠳᠬᠠᠯ᠂ ᠦᠨᠡᠲᠦ ᠲᠡᠮᠳᠡᠭᠲᠦ ᠶᠢᠨ ᠪᠠᠶᠢᠭᠤᠯᠤᠮᠵᠢ᠂ ᠬᠥᠬᠡᠬᠤᠲᠠ ᠶᠢᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ︵ᠨᠠᠪᠴᠢᠨ ᠲᠠᠮᠠᠬᠢ ᠶᠢᠨ ᠬᠤᠪᠢᠶᠠᠷᠢ ᠺᠣᠮᠫᠠᠨᠢ︶᠂ ᠬᠥᠬᠡᠬᠤᠲᠠ ᠶᠢᠨ ᠳᠠᠪᠤᠰᠤᠨ ᠤ ᠦᠢᠯᠡᠰ ᠤᠨ ᠬᠤᠪᠢᠶᠠᠷᠢ ᠺᠣᠮᠫᠠᠨᠢ᠂ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠬᠡᠬᠤᠲᠠ ᠶᠢᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠠᠯᠪᠠᠨ ᠭᠡᠷ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠥᠬᠡᠬᠤᠲᠠ ᠳᠠᠬᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠥᠬᠡᠬᠤᠲᠠ ᠳᠠᠬᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠥᠬᠡᠬᠤᠲᠠ ᠳᠠᠬᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠤᠪᠤᠷᠭ᠎ᠠ ᠬᠥᠬᠡᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠪᠣᠷᠤᠯᠠᠭᠤᠯᠭ᠎ᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ᠂ ᠵᠦᠩ ᠬᠠᠢ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠬᠥᠬᠡᠬᠤᠲᠠ ᠳᠤ ᠰᠠᠭᠤᠭ᠎ᠠ ᠤᠯᠤᠰ ᠤᠨ ᠰᠢᠭᠤᠳ ᠬᠠᠷᠢᠶ᠎ᠠ᠂ ᠣᠷᠣᠨ ᠤ ᠰᠢᠭᠤᠳ ᠬᠠᠷᠢᠶ᠎ᠠ ᠡᠯ᠎ᠡ ᠲᠣᠮᠣ ᠠᠵᠤ ᠦᠢᠯᠡᠳᠪᠦᠷᠢ ᠶᠢᠨ ᠠᠵᠤ ᠠᠬᠤᠶᠢᠯᠠᠯ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠨᠠᠮᠳᠠᠷ᠄      ᠯᠢᠦ ᠵᠢᠢ ᠶᠢᠩ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 5 ᠳ᠋ᠤᠭᠠᠷ ᠰᠠᠷ᠎ᠠ ᠳᠤ ᠲᠦᠷᠦᠵᠠᠢ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠳᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ