ᠰᠤᠷᠪᠤᠯᠵᠢᠯᠠᠭᠴᠢ ᠮᠢᠶᠣᠣ ᠴᠢᠩ︶ 12 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠨᠡᠶᠢᠲᠡᠯᠡᠭᠰᠡᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠨᠢᠭᠡᠨᠲᠡ | 2021 ᠣᠨ ᠤ ᠳᠣᠤᠷ᠎ᠠ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ | ᠬᠢᠷᠢ ᠪᠦᠲᠦᠮᠵᠢ ᠶᠢ ᠨᠡᠶᠢᠲᠡᠯᠡᠪᠡ᠂ ᠰᠢᠯᠭᠠᠭᠤᠯᠤᠭᠴᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠰᠦᠯᠵᠢᠶᠡᠨ | ᠥᠷᠲᠡᠭᠡ ︵http://ntce.neea.edu.cn︶ ᠳᠤ ᠣᠷᠣᠵᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ᠃ ᠰᠤᠷᠭᠠᠨ | ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠤᠨ ᠨᠡᠶᠢᠲᠡᠯᠡᠭᠰᠡᠨ ᠬᠢᠷᠢ ᠪᠦᠲᠦᠮᠵᠢ ᠪᠣᠯ ᠡᠯ᠎ᠡ ᠲᠥᠷᠥᠯ ᠤᠨ ᠬᠢᠷᠢ ᠲᠡᠩᠴᠡᠭᠰᠡᠨ ᠱᠤᠭᠤᠮ ᠤᠨ ᠰᠠᠭᠤᠷᠢᠨ | ᠳᠡᠭᠡᠷ᠎ᠡ ᠰᠣᠯᠢᠭᠰᠠᠨ ᠮᠡᠳᠡᠭᠦᠯᠦᠯᠲᠡ ᠶᠢᠨ ᠬᠤᠪᠢ ᠮᠥᠨ᠂ ᠬᠠᠷᠢᠨ ᠠᠩᠬᠠᠨ ᠤ ᠰᠢᠯᠭᠠᠯᠲᠠ ᠶᠢᠨ ᠬᠠᠭᠤᠳᠠᠰᠤ ᠶᠢᠨ ᠬᠤᠪᠢ ᠪᠢᠰᠢ ᠶᠤᠮ᠃ ᠮᠡᠳᠡᠭᠦᠯᠦᠯᠲᠡ ᠶᠢᠨ | ᠬᠤᠪᠢ ᠨᠢ ᠪᠦᠷᠢᠨ ᠬᠤᠪᠢ 120 ᠬᠤᠪᠢ ᠪᠠᠶᠢᠵᠤ᠂ 70 ᠬᠤᠪᠢ ᠠᠴᠠ ᠳᠡᠭᠡᠭᠰᠢ ᠬᠤᠪᠢ ᠶᠢ ᠬᠢᠷᠢ ᠲᠡᠩᠴᠡᠭᠰᠡᠨ ᠢᠶᠠᠷ ᠲᠣᠭᠠᠴᠠᠵᠤ᠂ ᠪᠢᠷ ᠤᠨ | ᠰᠢᠯᠭᠠᠯᠲᠠ ᠶᠢᠨ ᠲᠠᠩ ᠬᠢᠴᠢᠶᠡᠯ ᠤᠨ ᠬᠢᠷᠢ ᠪᠦᠲᠦᠮᠵᠢ ᠨᠢ ᠬᠤᠶᠠᠷ ᠵᠢᠯ ᠳᠤ ᠬᠦᠴᠦᠨ ᠲᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠰ ᠤᠳᠠᠭᠠᠨ ᠤ ᠪᠢᠷ ᠤᠨ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠬᠡᠷᠪᠡ | ᠬᠤᠪᠢ ᠬᠥᠮᠦᠨ ᠤ ᠬᠢᠷᠢ ᠪᠦᠲᠦᠮᠵᠢ ᠳᠤ ᠣᠨᠳᠣᠤ ᠰᠠᠨᠠᠯ ᠲᠠᠢ ᠪᠠᠶᠢᠪᠠᠯ᠂ 12 ᠳ᠋ᠤᠭᠠᠷ ᠰᠠᠷ᠎ᠠ ᠶᠢᠨ 9 ᠤ ᠡᠳᠦᠷ ᠠᠴᠠ 18 ᠤ ᠡᠳᠦᠷ ᠪᠣᠯᠲᠠᠯ᠎ᠠ᠂ ᠥᠪᠥᠷ | ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵https://www.nm.zsks.cn/︶ ᠶᠢᠨ ︽ᠪᠠᠭᠰᠢ ᠶᠢᠨ | ᠬᠢᠷᠢ ᠬᠡᠮ ᠤᠨ ᠰᠢᠯᠭᠠᠯᠲᠠ︾ ᠪᠤᠯᠤᠩ ᠳᠠᠬᠢ ︽ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ | ᠰᠢᠰᠲ᠋ᠧᠮ︾ ᠢᠶᠠᠷ ᠳᠡᠮᠵᠢᠨ ᠬᠢᠷᠢ ᠪᠦᠲᠦᠮᠵᠢ ᠶᠢ ᠳᠠᠬᠢᠨ ᠬᠢᠨᠠᠭᠤᠯᠬᠤ ᠭᠤᠶᠤᠴᠢᠯᠠᠯ ᠢᠶᠠᠨ ᠳᠡᠪᠰᠢᠭᠦᠯᠵᠦ ᠪᠣᠯᠤᠨ᠎ᠠ᠃ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠬᠢᠷᠢ | ᠪᠦᠲᠦᠮᠵᠢ ᠶᠢ ᠳᠠᠬᠢᠨ ᠬᠢᠨᠠᠭᠰᠠᠨ ᠮᠡᠳᠡᠭᠡ ᠵᠠᠩᠭᠢ ᠶᠢ ᠬᠤᠷᠢᠶᠠᠩᠭᠤᠶᠢᠯᠠᠭᠰᠠᠨ ᠤ ᠳᠠᠷᠠᠭ᠎ᠠ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠲᠤ | ᠮᠡᠳᠡᠭᠦᠯᠦᠨ ᠬᠦᠷᠭᠡᠵᠦ ᠨᠢᠭᠡᠳᠦᠯᠲᠡᠶ ᠳᠠᠪᠲᠠᠨ ᠪᠠᠶᠢᠴᠠᠭᠠᠯᠭᠠᠨ᠎ᠠ᠂ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠠᠴᠠ ᠳᠠᠬᠢᠨ ᠬᠢᠨᠠᠬᠤ ᠳᠠᠭᠠᠨ | ᠵᠥᠪᠬᠡᠨ ᠳᠡᠮᠳᠡᠭᠯᠡᠭᠰᠡᠨ ᠬᠤᠪᠢ ᠨᠢ ᠣᠨᠣᠪᠴᠢᠲᠠᠶ ᠡᠰᠡᠬᠦ ᠶᠢ ᠯᠡ ᠬᠢᠨᠠᠨ᠎ᠠ᠃ ᠰᠢᠯᠭᠠᠭᠤᠯᠤᠭᠴᠢ 12 ᠳ᠋ᠤᠭᠠᠷ ᠰᠠᠷ᠎ᠠ ᠶᠢᠨ 23 ᠤ ᠡᠳᠦᠷ ᠠᠴᠠ ᠰᠡᠭᠦᠯᠡᠷ᠂ | ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠰᠢᠰᠲ᠋ᠧᠮ︾ ᠳᠤ ᠣᠷᠣᠵᠤ ᠳᠠᠬᠢᠨ ᠬᠢᠨᠠᠭᠰᠠᠨ ᠦᠷ᠎ᠡ ᠳ᠋ᠦᠩ ᠢ ᠯᠠᠪᠯᠠᠵᠤ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ | ᠰᠠᠨᠠᠭᠤᠯᠤᠭᠰᠠᠨ ᠨᠢ᠂ ᠰᠢᠯᠭᠠᠭᠤᠯᠤᠭᠴᠢ ᠬᠢᠷᠢ ᠪᠦᠲᠦᠮᠵᠢ ᠶᠢ ᠳᠠᠬᠢᠨ ᠬᠢᠨᠠᠭᠤᠯᠬᠤ ᠭᠤᠶᠤᠴᠢᠯᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠣᠨᠣᠪᠴᠢᠲᠠᠶ | ᠲᠠᠭᠯᠠᠵᠤ᠂ ᠲᠣᠭᠲᠠᠭᠰᠠᠨ ᠴᠠᠭ ᠤᠨ ᠳᠣᠲᠣᠷ᠎ᠠ ᠳᠠᠬᠢᠨ ᠬᠢᠨᠠᠭᠤᠯᠬᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠶ᠃ ᠲᠣᠭᠲᠠᠭᠠᠭᠰᠠᠨ ᠴᠠᠭ ᠪᠠ ᠠᠷᠭ᠎ᠠ | ᠮᠠᠶ᠋ᠢᠭ ᠢᠶᠠᠷ ᠳᠠᠬᠢᠨ ᠬᠢᠨᠠᠭᠤᠯᠬᠤ ᠭᠤᠶᠤᠴᠢᠯᠠᠯ ᠭᠠᠷᠭᠠᠭᠰᠠᠨ ᠥᠬᠡᠶ ᠪᠤᠶᠤ ᠬᠠᠩᠭᠠᠭᠰᠠᠨ ᠮᠡᠳᠡᠭᠡ ᠵᠠᠩᠭᠢ ᠳᠤᠨᠢ ᠠᠯᠳᠠᠭ᠎ᠠ ᠪᠤᠷᠤᠭᠤ ᠲᠠᠢ ᠠᠴᠠ ᠪᠣᠯᠵᠣ ᠬᠢᠷᠢ | ᠪᠦᠲᠦᠮᠵᠢ ᠶᠢ ᠬᠠᠷᠭᠤᠭᠤᠯᠤᠨ ᠪᠠᠶᠢᠴᠠᠭᠠᠬᠤ ᠶᠢᠨ ᠠᠷᠭ᠎ᠠ ᠥᠬᠡᠶ ᠪᠣᠯᠤᠭᠰᠠᠨ ᠪᠠᠶᠢᠪᠠᠯ᠂ ᠬᠠᠷᠢᠭᠤᠴᠠᠯᠭ᠎ᠠ ᠶᠢ ᠰᠢᠯᠭᠠᠭᠤᠯᠤᠭᠴᠢ ᠥᠪᠡᠷ ᠢᠶᠠᠨ ᠡᠭᠦᠷᠭᠡᠯᠡᠨ᠎ᠡ᠃ | |