ᠮᠠᠨ ᠤ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ  ᠴᠠᠬᠢᠯᠭᠠᠨ ᠴᠡᠨᠡᠭᠯᠡᠬᠦ  10 ᠥᠷᠲᠡᠭᠡ ᠶᠢᠨ 8 ᠨᠢ ᠨᠢᠭᠡᠨᠲᠡ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/12/10
      ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠲᠦᠷᠦᠭᠦᠬᠡᠨ ᠣᠶᠢᠯᠠᠭᠠᠭᠰᠠᠨ ᠢᠶᠠᠷ᠂ ᠡᠨᠡ ᠵᠢᠯ ᠬᠤᠲᠠ ᠶᠢᠨ ᠬᠤᠲᠠ  ᠶᠢᠨ ᠰᠢᠳᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠰᠢᠲᠠᠮᠠᠬᠠᠶ ᠬᠡᠶ ᠢᠯᠴᠢ ᠶᠢᠨ ᠬᠦᠴᠦᠨ ᠤ ᠺᠣᠮᠫᠠᠨᠢ ᠶᠢᠨ ᠳᠠᠭᠠᠭᠠᠴᠢᠯᠠᠨ ᠪᠠᠶᠢᠭᠤᠯᠤᠭᠰᠠᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ  ᠳᠤ ᠴᠠᠬᠢᠯᠭᠠᠨ ᠴᠡᠨᠡᠭᠯᠡᠬᠦ  10 ᠥᠷᠲᠡᠭᠡ ᠶᠢ ᠣᠲᠣ ᠨᠢᠭᠡᠨᠲᠡ ᠪᠦᠬᠦᠨ ᠢ ᠪᠠᠷᠢᠵᠤ ᠳᠠᠭᠤᠰᠬᠠᠪᠠ᠂ ᠡᠭᠦᠨ ᠳᠤ 8 ᠶᠢ ᠨᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠦᠯᠡᠳᠡᠭᠰᠡᠨ 2 ᠢ ᠨᠢ ᠵᠢᠯ ᠤᠨ ᠡᠴᠦᠰ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃       ᠬᠤᠲᠠ ᠶᠢᠨ ᠬᠤᠲᠠ ᠶᠢᠨ  ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠰᠢᠲᠠᠮᠠᠬᠠᠶ ᠬᠡᠶ  ᠢᠯᠴᠢ ᠶᠢᠨ ᠬᠦᠴᠦᠨ ᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠰᠢᠤᠸᠠᠢ ᠬᠤ᠋ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠡᠬᠢ ᠪᠠᠷ᠂ ᠬᠤᠲᠠ ᠶᠢᠨ ᠰᠢᠲᠠᠮᠠᠬᠠᠶ ᠬᠡᠶ ᠢᠯᠴᠢ ᠶᠢᠨ ᠬᠦᠴᠦᠨ ᠤ ᠺᠣᠮᠫᠠᠨᠢ 58 ᠴᠠᠬᠢᠯᠭᠠᠨ ᠴᠡᠨᠡᠭᠯᠡᠬᠦ ᠱᠣᠩ᠂ 116 ᠴᠠᠬᠢᠯᠭᠠᠨ ᠴᠡᠨᠡᠭᠯᠡᠬᠦ ᠫᠤᠤ ᠶᠢ ᠪᠠᠭᠲᠠᠭᠠᠭᠰᠠᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ  ᠳᠤ ᠴᠠᠬᠢᠯᠭᠠᠨ ᠴᠡᠨᠡᠭᠯᠡᠬᠦ 10 ᠥᠷᠲᠡᠭᠡ ᠶᠢ ᠪᠠᠶᠢᠭᠤᠯᠬᠤ ᠪᠠᠷ ᠲᠥᠯᠥᠪᠯᠡᠵᠦ᠂ ᠡᠭᠦᠨ ᠳᠤ  ᠴᠠᠬᠢᠯᠭᠠᠨ ᠴᠡᠨᠡᠭᠯᠡᠬᠦ ᠶᠡᠷᠦᠩᠬᠡᠶ ᠴᠢᠳᠠᠮᠵᠢ ᠨᠢ 8400 ᠺᠢᠯᠣᠸᠠᠲ ᠬᠦᠷᠴᠦ᠂116 ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ  ᠳᠤ ᠵᠡᠷᠭᠡ ᠪᠠᠷ ᠴᠠᠬᠢᠯᠭᠠᠨ ᠴᠡᠨᠡᠭᠯᠡᠵᠦ ᠪᠣᠯᠤᠨ᠎ᠠ᠃ ᠣᠳᠣ ᠪᠣᠯᠲᠠᠯ᠎ᠠ᠂ ᠡᠨᠡ  ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ 10 ᠥᠷᠲᠡᠭᠡ ᠶᠢ ᠲᠥᠯᠥᠪᠯᠡᠭᠡ ᠶᠣᠰᠣᠭᠠᠷ ᠪᠦᠬᠦᠨ ᠢ ᠪᠠᠷᠢᠵᠤ ᠳᠠᠭᠤᠰᠬᠠᠵᠠᠢ᠂ ᠡᠭᠦᠨ ᠳᠤ᠂ ᠪᠠᠷᠠᠭᠤᠨ ᠬᠤᠶᠠᠳᠤᠭᠠᠷ ᠲᠣᠭᠤᠷᠢᠯ ᠵᠠᠮ ᠤᠨ ᠾᠧᠩ ᠱᠧᠩ ᠪᠠᠭ᠎ᠠ ᠲᠣᠭᠤᠷᠢᠭ ᠤᠨ ᠴᠠᠬᠢᠯᠭᠠᠨ ᠴᠡᠨᠡᠭᠯᠡᠬᠦ ᠥᠷᠲᠡᠭᠡ᠂ ᠵᠡᠭᠦᠨ ᠸᠠᠨ ᠳ᠋ᠠ ᠴᠠᠬᠢᠯᠭᠠᠨ ᠴᠡᠨᠡᠭᠯᠡᠬᠦ ᠥᠷᠲᠡᠭᠡ᠂ ᠴᠢᠩ ᠴᠧᠩ ᠲᠣᠭᠤᠷᠢᠭ ᠤᠨ ᠴᠠᠬᠢᠯᠭᠠᠨ ᠴᠡᠨᠡᠭᠯᠡᠬᠦ ᠥᠷᠲᠡᠭᠡ᠂ ᠯᠢᠦᠶ ᠳ᠋ᠢ ᠪᠠᠭ᠎ᠠ ᠲᠣᠭᠤᠷᠢᠭ ᠤᠨ ᠴᠠᠬᠢᠯᠭᠠᠨ ᠴᠡᠨᠡᠭᠯᠡᠬᠦ ᠥᠷᠲᠡᠭᠡ᠂ ᠡᠮᠥᠨ᠎ᠡ ᠮᠠ ᠱᠧᠨ ᠮᠢᠶᠣᠣ ᠵᠡᠭᠡᠯᠢ ᠶᠢᠨ ᠴᠠᠬᠢᠯᠭᠠᠨ ᠴᠡᠨᠡᠭᠯᠡᠬᠦ ᠥᠷᠲᠡᠭᠡ᠂ ᠨᠢᠤ ᠵᠢᠶᠤᠤ ᠴᠢᠶᠣᠤ ᠴᠠᠬᠢᠯᠭᠠᠨ ᠴᠡᠨᠡᠭᠯᠡᠬᠦ ᠥᠷᠲᠡᠭᠡ᠂ ᠹᠦ᠋ ᠾᠧᠩ ᠣᠯᠠᠨ ᠤᠯᠤᠰ ᠤᠨ ᠴᠠᠬᠢᠯᠭᠠᠨ ᠴᠡᠨᠡᠭᠯᠡᠬᠦ ᠥᠷᠲᠡᠭᠡ᠂ ᠬᠤᠲᠠ ᠶᠢᠨ ᠰᠢᠲᠠᠮᠠᠬᠠᠶ ᠬᠡᠶ ᠢᠯᠴᠢ ᠶᠢᠨ ᠬᠦᠴᠦᠨ ᠤ ᠺᠣᠮᠫᠠᠨᠢ ᠶᠢᠨ ᠦ᠋ ᠴᠤᠸᠠᠨ ᠬᠤᠪᠢᠶᠠᠷᠢ ᠺᠣᠮᠫᠠᠨᠢ ᠶᠢᠨ ᠴᠠᠬᠢᠯᠭᠠᠨ ᠴᠡᠨᠡᠭᠯᠡᠬᠦ ᠥᠷᠲᠡᠭᠡ ᠵᠡᠷᠭᠡ 8 ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢ ᠨᠢᠭᠡᠨᠲᠡ ᠠᠰᠢᠭᠯᠠᠯᠲᠠ ᠳᠤ ᠣᠷᠣᠭᠤᠯᠪᠠ᠃ ᠦᠯᠡᠳᠡᠭᠰᠡᠨ ᠥᠪᠥᠷ ᠮᠣᠩᠭᠤᠯ ᠤᠨ ᠵᠠᠰᠠᠭ ᠤᠨ ᠣᠷᠳᠣᠨ ᠤ ᠠᠯᠪᠠᠯᠠᠬᠤ ᠬᠤᠶᠢᠲᠤ ᠲᠣᠭᠤᠷᠢᠭ ᠤᠨ ᠴᠠᠬᠢᠯᠭᠠᠨ ᠴᠡᠨᠡᠭᠯᠡᠬᠦ ᠥᠷᠲᠡᠭᠡ ᠪᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠴᠠᠬᠢᠯᠭᠠᠨ ᠴᠡᠨᠡᠭᠯᠡᠬᠦ ᠥᠷᠲᠡᠭᠡ ᠶᠢ ᠵᠢᠯ ᠤᠨ ᠡᠴᠦᠰ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠶ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ