ᠬᠥᠬᠡᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ  ᠪᠠᠰᠠ 4 ᠨᠡᠮᠡᠭᠳᠡᠪᠡ
ᠨᠡᠶᠢᠲᠡᠯᠡᠭᠰᠡᠨ ᠴᠠᠭ᠄
2021/12/10
      12  ᠳ᠋ᠤᠭᠠᠷ ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ  ᠢᠶᠠᠷ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠣᠶᠢᠷ᠎ᠠ ᠳᠤ ᠤᠷᠢᠳ ᠬᠤᠵᠢᠳ ᠬᠤᠶᠠᠷ ᠪᠦᠯᠦᠭ 2021 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠤᠨ ᠨᠡᠷᠡᠰ ᠢ ᠨᠡᠶᠢᠲᠡᠯᠡᠪᠡ᠂ ᠬᠢᠨᠠᠨ ᠰᠢᠯᠭᠠᠵᠤ ᠬᠢᠨᠠᠨ ᠲᠣᠭᠲᠠᠭᠠᠬᠤ ᠪᠠᠷ ᠳᠠᠮᠵᠢᠭᠠᠳ ᠬᠥᠬᠡᠬᠤᠲᠠ ᠶᠢᠨ 4 ᠠᠵᠤ ᠠᠬᠤᠶᠢᠯᠠᠯ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ︾ ᠤᠨ ᠴᠣᠯᠠ ᠭᠥᠷᠳᠡᠪᠡ᠃     ᠡᠨᠡ 4 ᠠᠵᠤ ᠠᠬᠤᠶᠢᠯᠠᠯ ᠪᠣᠯ᠄ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠣᠣ ᠫᠠᠢ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ  ᠮᠧᠩ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠶᠤᠸᠠᠨ ᠺᠠᠩ ᠠᠮᠢᠳᠤ ᠪᠣᠳᠠᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠪᠣᠯᠤᠨ᠎ᠠ᠃ ᠡᠶᠢᠨᠬᠦ ᠬᠥᠬᠡᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠢ ᠣᠯᠤᠭᠰᠠᠨ ᠠᠵᠤ ᠠᠬᠤᠶᠢᠯᠠᠯ ᠨᠢᠭᠡᠨᠲᠡ 23 ᠪᠣᠯᠪᠠ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ