ᠬᠥᠬᠡᠬᠤᠲᠠ ᠶᠢᠨ ᠮᠧᠲᠷᠤ᠋ ᠶᠢᠨ 1 ᠳ᠋ᠤᠭᠡᠷ ᠱᠤᠭᠤᠮ ᠤᠯᠤᠰ ᠤᠨ ᠴᠢᠨᠠᠷ ᠰᠠᠶᠢᠲᠠᠶ ᠢᠨᠵᠧᠨᠧᠷᠢᠩ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2021/12/10
      ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ ᠶᠢᠨ 12 ᠳ᠋ᠤᠭᠠᠷ ᠰᠠᠷ᠎ᠠ ᠶᠢᠨ 9 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠠᠩ  ᠸᠧᠨ ᠵᠢᠤᠸᠠᠨ ︶ 12  ᠳ᠋ᠤᠭᠠᠷ ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠡᠵᠡᠩᠨᠡᠯᠲᠡ ᠳᠤ ᠤᠷᠤᠭᠰᠠᠨ ᠬᠤᠶᠠᠷ ᠵᠢᠯ ᠤᠨ ᠣᠶ  ᠪᠠᠨ ᠤᠭᠲᠤᠬᠤ ᠭᠡᠵᠦ ᠪᠠᠶᠢᠭ᠎ᠠ ᠬᠥᠬᠡᠬᠤᠲᠠ ᠶᠢᠨ ᠮᠧᠲᠷᠤ᠋ ᠶᠢᠨ 1  ᠳ᠋ᠤᠭᠡᠷ ᠱᠤᠭᠤᠮ ︵ᠨᠢᠭᠡᠳᠦᠭᠡᠷ ᠬᠤᠭᠤᠴᠠᠭᠠᠨ ᠤ ᠢᠨᠵᠧᠨᠧᠷᠢᠩ︶  ᠨᠢ ︽ᠲᠥᠷᠥᠭᠰᠡᠨ  ᠡᠳᠦᠷ ᠤᠨ ᠲᠣᠮᠣ ᠪᠡᠯᠡᠭ︾ — ᠤᠯᠤᠰ ᠤᠨ ᠴᠢᠨᠠᠷ ᠰᠠᠶᠢᠲᠠᠶ ᠢᠨᠵᠧᠨᠧᠷᠢᠩ ᠤᠨ ᠱᠠᠩᠨᠠᠯ ᠢ ᠤᠷᠢᠳᠴᠢᠯᠠᠨ  ᠲᠣᠰᠤᠯ᠎ᠠ᠃       ᠣᠶᠢᠯᠠᠭᠠᠭᠰᠠᠨ ᠢᠶᠠᠷ᠂ ᠲᠣᠰ ᠢᠷᠠᠭᠤ ᠠᠯᠳᠠᠷ ᠪᠣᠯ ᠤᠯᠤᠰ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠲᠠᠯ᠎ᠠ ᠪᠠᠷ ᠬᠢ ᠬᠠᠮᠤᠭ ᠤᠨ ᠳᠡᠭᠡᠳᠦ ᠢᠷᠠᠭᠤ ᠠᠯᠳᠠᠷ ᠮᠥᠨ᠂ ᠮᠥᠨ ᠴᠦ ᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠺᠣᠮᠫᠠᠨᠢ ᠪᠠ ᠡᠯ᠎ᠡ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠠᠷᠠᠳ ᠲᠦᠮᠡᠨ ᠢᠶᠠᠷ ᠭᠤᠤᠯ ᠪᠣᠯᠭᠠᠵᠤ᠂ ᠵᠠᠭᠤᠨ ᠵᠢᠯ ᠤᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠥᠲᠥᠭᠡᠨ ᠪᠠᠶᠢᠭᠤᠯᠬᠤ ᠣᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ︽ᠭᠠᠷᠮᠠᠭᠠᠶ ᠪᠦᠲᠦᠭᠡᠯ ᠢ ᠬᠥᠭᠡᠭᠡᠴᠡᠯᠳᠦᠵᠦ᠂ ᠰᠣᠩᠭᠤᠳᠠᠭ ᠪᠦᠲᠦᠭᠡᠯ ᠢ ᠪᠦᠲᠦᠭᠡᠬᠦ︾ ᠤᠯᠤᠰ ᠤᠨ ᠰᠢᠯᠢᠳᠡᠭ ᠵᠣᠷᠢᠭ ᠰᠠᠨᠠᠭ᠎ᠠ ᠶᠢ ᠪᠠᠷᠢᠮᠲᠠᠯᠠᠨ᠂ ᠰᠡᠭᠦᠯᠴᠢ ᠶᠢᠨ ᠬᠤᠭᠤᠴᠠᠭᠠᠨ ᠤ ᠬᠥᠬᠡᠬᠤᠲᠠ ᠶᠢᠨ ᠮᠧᠲᠷᠤ᠋ ᠶᠢᠨ 3᠂ 4᠂ 5 ᠳ᠋ᠤᠭᠠᠷ ᠱᠤᠭᠤᠮ ᠤᠨ ᠪᠥᠲᠥᠭᠡᠨ ᠪᠠᠶᠢᠭᠤᠯᠤᠯᠲᠠ ᠳᠤ ︽ᠥᠯᠢᠭᠡᠷ ᠳᠠᠭᠤᠷᠢᠶᠠᠯ︾ ᠪᠣᠯᠤᠭᠰᠠᠨ ᠪᠠᠶᠢᠨ᠎ᠠ᠃       ᠬᠥᠬᠡᠬᠤᠲᠠ ᠶᠢᠨ  ᠮᠧᠲᠷᠤ᠋ ᠶᠢᠨ 1 ᠳ᠋ᠤᠭᠡᠷ ᠱᠤᠭᠤᠮ ︵ᠨᠢᠭᠡᠳᠦᠭᠡᠷ ᠬᠤᠭᠤᠴᠠᠭᠠᠨ ᠤ ᠢᠨᠵᠧᠨᠧᠷᠢᠩ︶ ᠤᠷᠢᠳ ᠬᠤᠵᠢᠳ ᠳᠤᠮᠳᠠᠳᠤ ᠤᠯᠤᠰ ᠤᠨ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭᠠᠨ ᠤ ᠨᠡᠶᠢᠭᠡᠮᠯᠢᠭ ᠤᠨ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠂ ᠤᠯᠤᠰ ᠤᠨ ᠡᠭᠦᠳᠦᠯᠲᠡ ᠶᠢᠨ ᠲᠤᠰᠬᠠᠶ ᠠᠰᠢᠭ 1 ᠲᠥᠷᠥᠯ᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ 34 ᠲᠥᠷᠥᠯ᠂ ᠤᠯᠤᠰ ᠤᠨ ᠲᠠᠰ ᠵᠢᠴᠢ ᠮᠤᠵᠢ ᠶᠠᠮᠤᠨ ᠤ ᠲᠠᠰ ᠤᠨ  ᠪᠠᠷᠢᠯᠭ᠎ᠠ ᠶᠢᠨ ᠠᠷᠭ᠎ᠠ ᠳᠡᠮ 8 ᠲᠥᠷᠥᠯ᠂ ᠤᠯᠤᠰ ᠤᠨ ᠲᠠᠰ ᠵᠢᠴᠢ ᠮᠤᠵᠢ ᠶᠠᠮᠤᠨ ᠤ ᠲᠠᠰ ᠤᠨ ᠰᠢᠯᠢᠳᠡᠭ ᠶᠠᠰᠤ ᠴᠢᠨᠠᠷ ᠤᠨ ᠬᠠᠮᠢᠶᠠᠷᠤᠯᠲᠠ ᠶᠢᠨ ᠳᠤᠭᠤᠶᠢᠯᠠᠩ ᠤᠨ ᠦᠷ᠎ᠡ ᠪᠦᠲᠦᠭᠡᠯ 11 ᠲᠥᠷᠥᠯ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠢᠨᠵᠧᠨᠧᠷᠢᠩ ᠤᠨ ᠰᠢᠯᠢᠳᠡᠭ ᠪᠦᠲᠦᠴᠡ ᠶᠢᠨ ᠠᠯᠲᠠᠨ ᠱᠠᠩᠨᠠᠯ 2 ᠲᠥᠷᠥᠯ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠪᠣᠬᠢᠷᠲᠤᠯ ᠥᠬᠡᠶ ᠪᠠᠷᠢᠯᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ 3 ᠲᠥᠷᠥᠯ᠂ ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠪᠠᠷᠢᠯᠭ᠎ᠠ ᠶᠢᠨ ᠭᠠᠵᠠᠷ 8 ᠲᠥᠷᠥᠯ᠂ ᠺᠣᠮᠫᠢᠦ᠋ᠲ᠋ᠧᠷ ᠤᠨ ᠵᠥᠭᠡᠯᠡᠨ ᠲᠣᠨᠤᠭ ᠤᠨ ᠵᠣᠬᠢᠶᠠᠯ ᠪᠦᠲᠦᠭᠡᠯ ᠤᠨ ᠡᠷᠬᠡ 8  ᠶᠢ ᠬᠦᠷᠲᠡᠵᠦ᠂ ᠣᠷᠣᠨ ᠨᠤᠲᠤᠭ ᠤᠨ ᠪᠠᠷᠢᠮᠵᠢᠶ᠎ᠠ ᠶᠢ 3 ᠵᠦᠢᠯ᠂ ᠠᠵᠢᠯ ᠲᠥᠷᠥᠯ ᠤᠨ ᠬᠠᠮᠳᠤ ᠨᠡᠶᠢᠲᠡ ᠶᠢᠨ ᠪᠠᠷᠢᠮᠵᠢᠶ᠎ᠠ 8 ᠶᠢ ᠨᠡᠶᠢᠲᠡᠯᠡᠪᠡ᠃       ᠬᠥᠬᠡᠬᠤᠲᠠ ᠶᠢᠨ  ᠸᠲᠷᠤ᠋ ᠶᠢᠨ 1 ᠳ᠋ᠤᠭᠡᠷ ᠱᠤᠭᠤᠮ ︵ᠨᠢᠭᠡᠳᠦᠭᠡᠷ ᠬᠤᠭᠤᠴᠠᠭᠠᠨ ᠤ ᠢᠨᠵᠧᠨᠧᠷᠢᠩ︶ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠠᠵᠠᠷ ᠳᠣᠤᠷᠠᠬᠢ ᠲᠡᠮᠦᠷ ᠵᠠᠮ ᠪᠣᠯᠤᠨ᠎ᠠ᠂ 2016 ᠣᠨ ᠤ 4 ᠳ᠋ᠤᠭᠡᠷ ᠰᠠᠷ᠎ᠠ ᠳᠤ ᠪᠥᠬᠦ ᠲᠠᠯ᠎ᠠ ᠪᠠᠷ ᠪᠠᠷᠢᠯᠭ᠎ᠠ ᠡᠬᠢᠯᠡᠭᠦᠯᠦᠨ ᠂ 2019 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠳᠥᠲᠡ᠂ ᠠᠮᠤᠷ ᠲᠦᠪᠰᠢᠨ᠂ ᠲᠦᠷᠭᠡᠨ  ᠶᠠᠪᠤᠵᠤ ᠰᠠᠭᠤᠬᠤ ᠠᠷᠭ᠎ᠠ ᠮᠠᠶ᠋ᠢᠭ ᠢ ᠬᠠᠩᠭᠠᠭᠰᠠᠨ ᠪᠠᠶᠢᠨ᠎ᠠ᠃ 2021 ᠣᠨ ᠤ 12  ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ᠂ ᠬᠥᠬᠡᠬᠤᠲᠠ ᠶᠢᠨ ᠮᠧᠲᠷᠤ᠋ ᠶᠢᠨ 1  ᠳ᠋ᠤᠭᠡᠷ ᠱᠤᠭᠤᠮ ᠨᠡᠶᠢᠲᠡ 680 ᠡᠳᠦᠷ ᠠᠮᠤᠷ ᠲᠦᠪᠰᠢᠨ ᠢᠶᠠᠷ ᠠᠶᠠᠯᠠᠵᠤ᠂ ᠠᠶᠠᠨᠴᠢᠳ ᠤᠨ ᠴᠤᠪᠤᠭ᠎ᠠ ᠲᠡᠷᠭᠡ ᠶᠢ ᠨᠡᠶᠢᠲᠡ 14.86 ᠲᠦᠮᠡᠨ ᠤᠳᠠᠭ᠎ᠠ ᠶᠠᠪᠤᠭᠤᠯᠵᠤ᠂ ᠠᠶᠠᠯᠠᠯ ᠤᠨ ᠪᠥᠬᠦ ᠣᠷᠳᠣ ᠨᠢ 2085.54 ᠲᠦᠮᠡᠨ ᠺᠢᠯᠣᠮᠧᠲᠷ ᠲᠤ ᠬᠦᠷᠴᠦ᠂ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠢ ᠨᠡᠶᠢᠲᠡ 4056.21 ᠲᠦᠮᠡᠨ ᠬᠥᠮᠦᠨ ᠤᠳᠠᠭ᠎ᠠ ᠳᠤ ᠬᠦᠷᠴᠦ᠂ ᠭᠠᠯᠲᠤ ᠲᠡᠷᠭᠡᠨ ᠤ ᠠᠶᠠᠯᠠᠯ ᠤᠨ ᠵᠢᠷᠤᠭ ᠢ ᠪᠡᠶᠡᠯᠡᠭᠦᠯᠦᠭᠰᠡᠨ ᠨᠣᠷᠮ᠎ᠠ ᠨᠢ 99.99% ᠬᠦᠷᠴᠦ᠂ ᠭᠠᠯᠲᠤ ᠲᠡᠷᠭᠡᠨ ᠤ ᠲᠣᠭᠲᠠᠭᠰᠠᠨ ᠴᠠᠭ ᠤᠨ ᠨᠣᠷᠮ᠎ᠠ ᠨᠢ 99.98% ᠬᠦᠷᠴᠡᠶ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ