ᠦᠴᠤᠸᠠᠨ ᠤ ᠨᠣᠬᠠᠶ ᠶᠢᠨ ᠬᠤᠰᠢᠭᠤ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2021/12/14
      ︵ᠰᠤᠷᠪᠤᠯᠵᠢᠯᠠᠭᠴᠢ ᠶᠦᠨ ᠶᠠᠨ ᠹᠠᠩ  ᠴᠢᠮᠡᠭᠡᠯᠡᠭᠴᠢ ᠶᠠᠩ ᠯᠢ ᠹᠠᠩ︶ ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠢᠷᠭᠤᠳᠤᠭᠠᠷ ᠪᠦᠯᠦᠭ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠦᠴᠤᠸᠠᠨ ᠤ ᠨᠣᠬᠠᠶ ᠶᠢᠨ ᠬᠤᠰᠢᠭᠤ ᠶᠢᠨ ᠤᠯᠠᠮᠵᠢᠯᠠᠯᠲᠤ ᠬᠠᠭᠤᠷᠠᠶ ᠲᠠᠷᠢᠶᠠᠯᠠᠩ ᠤᠨ ᠰᠢᠰᠲ᠋ᠧᠮ ᠵᠡᠷᠭᠡ ᠪᠥᠬᠦ ᠤᠯᠤᠰ ᠤᠨ 21 ᠵᠦᠢᠯ ᠤᠨ ᠤᠯᠠᠮᠵᠢᠯᠠᠯᠲᠤ ᠲᠠᠷᠢᠶᠠᠯᠠᠩ ᠤᠨ ᠰᠢᠰᠲ᠋ᠧᠮ ᠰᠣᠩᠭᠤᠭᠳᠠᠵᠠᠶ᠃       ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠪᠥᠬᠦ ᠤᠯᠤᠰ ᠤᠨ ᠡᠯ᠎ᠡ ᠮᠤᠵᠢ ᠶᠢᠨ ᠰᠣᠶᠣᠯ ᠤᠨ ᠥᠪ ᠢᠶᠠᠷ ᠳᠡᠭᠡᠭᠰᠢ ᠮᠡᠳᠡᠭᠦᠯᠦᠭᠰᠡᠨ ᠵᠦᠢᠯᠡᠰ ᠢ ᠱᠠᠲᠤ ᠳᠠᠷᠠᠭᠠᠯᠠᠨ ᠰᠢᠯᠢᠨ ᠰᠣᠩᠭᠤᠭᠰᠠᠨ ᠤ ᠡᠴᠦᠰ ᠲᠤ ᠦᠴᠤᠸᠠᠨ ᠤ ᠨᠣᠬᠠᠶ ᠶᠢᠨ ᠬᠤᠰᠢᠭᠤ ᠴᠣᠯᠭᠤᠷᠠᠨ ᠭᠠᠷᠴᠤ᠂ ᠠᠮᠵᠢᠯᠲᠠ ᠲᠠᠢ ᠪᠠᠷ ᠰᠣᠩᠭᠤᠭᠳᠠᠵᠠᠶ᠃        ᠦᠴᠤᠸᠠᠨ ᠤ ᠨᠣᠬᠠᠶ ᠶᠢᠨ ᠬᠤᠰᠢᠭᠤ ᠶᠢᠨ ᠤᠯᠠᠮᠵᠢᠯᠠᠯᠲᠤ ᠬᠠᠭᠤᠷᠠᠶ ᠲᠠᠷᠢᠶᠠᠯᠠᠩ ᠤᠨ ᠰᠢᠰᠲ᠋ᠧᠮ ᠤᠨ ᠬᠠᠮᠠᠭᠠᠯᠠᠯᠲᠠ᠂ ᠤᠯᠠᠮᠵᠢᠯᠠᠯ ᠪᠠ ᠠᠰᠢᠭᠯᠠᠯᠲᠠ ᠶᠢ ᠴᠢᠩᠭᠠᠳᠬᠠᠵᠤ᠂ ᠨᠠᠩ ᠣᠯᠠᠨ ᠨᠡᠶᠢᠭᠡᠮ ᠤᠨ ᠬᠦᠴᠦᠨ ᠢ ᠥᠪ ᠰᠣᠶᠣᠯ ᠢ ᠬᠠᠮᠠᠭᠠᠯᠠᠨ ᠵᠠᠯᠭᠠᠮᠵᠢᠯᠠᠬᠤ ᠦᠢᠯᠡᠰ ᠲᠤ ᠣᠷᠣᠯᠴᠠᠬᠤ ᠶᠢ ᠤᠷᠢᠶᠠᠯᠠᠬᠤ ᠶᠢᠨ ᠲᠤᠰᠠᠳᠠ᠂ ᠦᠴᠤᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠡᠮᠵᠢᠯᠭᠡ ᠳᠣᠤᠷ᠎ᠠ᠂ ᠶᠠᠨ ᠬᠥ᠋ ᠹᠠᠩ ᠪᠦᠯᠦᠭᠯᠡᠯ ᠠᠴᠠ ︽ᠨᠣᠬᠠᠶ ᠶᠢᠨ ᠬᠤᠰᠢᠭᠤ ᠶᠢᠨ ᠨᠤᠲᠤᠭ︾ ᠦᠴᠤᠸᠠᠨ ᠰᠢᠶᠠᠨ ᠳᠤ ︽ᠦᠴᠤᠸᠠᠨ ᠤ ᠨᠣᠬᠠᠶ ᠶᠢᠨ ᠬᠤᠰᠢᠭᠤ — ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠳᠡᠯᠭᠡᠨ ᠦᠵᠡᠭᠦᠯᠬᠦ ᠦᠵᠡᠰᠬᠦᠯᠡᠩ ᠤᠨ ᠣᠷᠳᠣᠨ︾ ᠢ ᠪᠠᠶᠢᠭᠤᠯᠪᠠ᠃ ᠦᠴᠤᠸᠠᠨ ᠤ ᠨᠣᠬᠠᠶ ᠶᠢᠨ ᠬᠤᠰᠢᠭᠤ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠨᠡᠷᠡᠰ ᠲᠤ ᠰᠣᠩᠭᠤᠭᠳᠠᠭᠰᠠᠨ ᠨᠢ ᠦᠴᠤᠸᠠᠨ ᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠦᠢᠯᠡᠳᠦᠯ ᠢ ᠶᠡᠬᠡᠰᠬᠡᠭᠰᠡᠨ ᠪᠥᠭᠡᠳ ᠲᠠᠷᠢᠶᠠᠴᠢᠳ ᠢ ᠬᠠᠪᠰᠤᠷᠤᠨ ᠪᠠᠶᠠᠵᠢᠭᠤᠯᠵᠤ᠂ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ ᠳᠤ ᠴᠦ ᠠᠰᠢᠭᠲᠠᠶ ᠶᠤᠮ᠃ ᠦᠴᠤᠸᠠᠨ ᠰᠢᠶᠠᠨ ᠤ ᠵᠠᠰᠠᠭ ᠤᠨ ᠣᠷᠳᠣᠨ ᠨᠣᠬᠠᠶ ᠶᠢᠨ ᠬᠤᠰᠢᠭᠤ ᠶᠢᠨ ᠪᠣᠬᠢᠷᠲᠤᠯ ᠥᠬᠡᠶ ᠳᠡᠭᠡᠳᠦ ᠲᠠᠰ ᠲᠡᠶᠢᠰᠢ ᠬᠥᠭᠵᠢᠬᠦ ᠪᠠ ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠨᠣᠬᠠᠶ ᠶᠢᠨ ᠬᠤᠰᠢᠭᠤ ᠶᠢᠨ ᠲᠠᠷᠢᠶᠠᠯᠠᠩ ᠤᠨ ᠰᠣᠶᠣᠯ ᠤᠨ ᠥᠪ ᠤᠨ ᠣᠲᠣ ᠦᠶ᠎ᠡ ᠶᠢᠨ ᠦᠨ᠎ᠡ ᠥᠷᠲᠡᠭ ᠢ ᠲᠠᠰᠤᠷᠠᠯᠲᠠ ᠥᠬᠡᠶ ᠠᠭᠤᠳᠠᠯᠬᠤ ᠪᠣᠯᠣᠨ᠎ᠠ᠃ ᠶᠠᠨ ᠬᠦ᠋ ᠹᠠᠩ ᠪᠦᠯᠦᠭᠯᠡᠯ ᠤᠨ ᠬᠢᠨ ᠦᠴᠤᠸᠠᠨ ᠤ ᠨᠣᠬᠠᠶ ᠶᠢᠨ ᠬᠤᠰᠢᠭᠤ ᠶᠢᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠢ ᠢᠳᠡᠪᠬᠢᠲᠡᠢ ᠤᠯᠠᠮᠵᠢᠯᠠᠨ ᠬᠠᠮᠠᠭᠠᠯᠠᠵᠤ᠂ ᠡᠨᠡᠬᠦ ᠠᠯᠳᠠᠨ ᠦᠰᠦᠭᠲᠦ ᠫᠠᠶᠢᠰᠠ ᠶᠢ ᠭᠡᠷᠡᠯᠳᠦᠬᠦᠯᠵᠦ᠂ ᠨᠣᠬᠠᠶ ᠶᠢᠨ ᠬᠤᠰᠢᠭᠤ ᠶᠢᠨ ᠠᠵᠤ ᠦᠢᠯᠡᠰ ᠤᠨ ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠴᠤᠸᠠᠨ ᠤ ᠨᠣᠬᠠᠶ ᠶᠢᠨ ᠬᠤᠰᠢᠭᠤ ᠶᠢ ᠪᠦᠬᠦ ᠤᠯᠤᠰ ᠪᠦᠬᠦ ᠳᠡᠯᠡᠬᠡᠢ ᠳᠤ ᠬᠠᠨᠳᠤᠭᠤᠯᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ