1 — 11 ᠳ᠋ᠦ᠋ᠭᠡᠷ ᠰᠠᠷ᠎ᠠ ᠳᠤ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ 198525.06 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2021/12/15
      ︵ᠰᠤᠷᠪᠤᠯᠵᠢᠯᠠᠭᠴᠢ ᠰᠥᠩ ᠰᠢᠶᠠᠩ ᠬᠤᠸᠠ︶ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 198525.06 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠠᠶ᠂ ᠡᠭᠦᠨ ᠳᠤ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠤᠨ ᠲᠥᠷᠥᠯ᠂ ᠴᠠᠯᠢᠩ ᠨᠥᠬᠦᠪᠥᠷᠢ ᠶᠢᠨ ᠲᠥᠷᠥᠯ᠂ ᠣᠶ ᠰᠢᠭᠤᠶ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠲᠥᠷᠥᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠵᠡᠷᠭᠡ ᠵᠢᠷᠭᠤᠭᠠᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠥᠷᠢ ᠮᠥᠩᠭᠦ ᠨᠡᠯᠢᠶᠡᠳ ᠶᠡᠭᠡ ᠶᠢ ᠡᠵᠡᠯᠡᠭᠰᠡᠨ ᠪᠠᠶᠢᠨ᠎ᠠ᠃        1 — 11 ᠳ᠋ᠦ᠋ᠭᠡᠷ ᠰᠠᠷ᠎ᠠ ᠳᠤ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠲᠠᠷᠢᠶᠠᠴᠢᠳ ᠤᠨ ᠨᠥᠬᠦᠪᠦᠷᠢ ᠮᠥᠩᠭᠦ ᠨᠡᠶᠢᠲᠡ 184109.56 ᠲᠦᠮᠡᠨ ᠲᠥᠭᠦᠷᠢᠭ ᠲᠠᠷᠬᠠᠭᠠᠵᠤ᠂ 92.74% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠠᠯᠠ ᠮᠥᠩᠭᠦ 14415.5 ᠲᠦᠮᠡᠨ ᠲᠥᠭᠦᠷᠢᠭ᠂ 7.26% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 3467538 ᠬᠥᠮᠦᠨ ᠤᠳᠠᠭ᠎ᠠ ᠲᠠᠷᠬᠠᠭᠠᠵᠤ᠂ ᠪᠠᠯᠠ ᠮᠥᠩᠭᠦ ᠶᠢᠨ ᠨᠥᠬᠦᠪᠥᠷᠢ ᠶᠢᠨ ᠲᠥᠷᠥᠯ ᠵᠦᠢᠯ ᠨᠢ ᠨᠡᠶᠢᠲᠡ 9 ᠬᠦᠷᠢᠶᠡᠨ ᠤ 60 ᠲᠥᠷᠥᠯ 76 ᠵᠦᠢᠯ ᠢ ᠪᠠᠭᠲᠠᠭᠠᠵᠠᠢ᠃ ᠡᠭᠦᠨ ᠳᠤ᠂ ᠲᠠᠷᠬᠠᠭᠠᠭᠰᠠᠨ ᠵᠢᠷᠭᠤᠭᠠᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠥᠷᠢ ᠪᠠᠯᠠ ᠮᠥᠩᠭᠦ ᠳᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ 96904.22 ᠲᠦᠮᠡᠨ ᠲᠥᠭᠦᠷᠢᠭ᠂ 48.81% ᠶᠢ ᠡᠵᠡᠯᠡᠪᠡ︔ ᠲᠠᠷᠢᠶᠠᠯᠠᠩ ᠤᠨ ᠲᠦᠷᠦᠯ ᠤᠨ ᠨᠥᠬᠦᠪᠥᠷᠢ ᠪᠡᠯᠡ ᠮᠥᠩᠭᠦ 66099.42 ᠲᠦᠮᠡᠨ ᠲᠥᠭᠦᠷᠢᠭ᠂ 33.3% ᠶᠢ ᠡᠵᠡᠯᠡᠪᠡ︔ ᠴᠠᠯᠢᠩ ᠨᠥᠬᠦᠪᠥᠷᠢ ᠶᠢᠨ ᠲᠥᠷᠥᠯ ᠤᠨ ᠨᠥᠬᠦᠪᠥᠷᠢ ᠪᠠᠯᠠ ᠮᠥᠩᠭᠦ 14530.9 ᠲᠦᠮᠡᠨ ᠲᠥᠭᠦᠷᠢᠭ᠂ 7.32% ᠢ ᠡᠵᠡᠯᠡᠪᠡ︔ ᠣᠶ ᠰᠢᠭᠤᠶ ᠶᠢᠨ ᠲᠥᠷᠥᠯ ᠤᠨ ᠨᠥᠬᠦᠪᠥᠷᠢ ᠪᠠᠯᠠ ᠮᠥᠩᠭᠦ 11680.09 ᠲᠦᠮᠡᠨ ᠲᠥᠭᠦᠷᠢᠭ᠂ 5.88% ᠶᠢ ᠡᠵᠡᠯᠡᠪᠡ︔ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠲᠥᠷᠥᠯ ᠤᠨ ᠨᠥᠬᠦᠪᠥᠷᠢ ᠪᠠᠯᠠ ᠮᠥᠩᠭᠦ 4727.28 ᠲᠦᠮᠡᠨ ᠲᠥᠭᠦᠷᠢᠭ ᠂ 2.38% ᠶᠢ ᠡᠵᠡᠯᠡᠪᠡ ︔ ᠪᠦᠳᠦᠭᠡᠨ ᠪᠠᠶᠢᠭᠤᠯᠤᠯᠲᠠ ᠶᠢᠨ ᠲᠦᠷᠦᠯ ᠤᠨ ᠨᠥᠬᠦᠪᠥᠷᠢ ᠪᠡᠯᠡ ᠮᠥᠩᠭᠦ 3388.51 ᠲᠦᠮᠡᠨ ᠲᠥᠭᠦᠷᠢᠭ᠂ 1.71% ᠶᠢ ᠡᠵᠡᠯᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ