ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ · ᠴᠠᠭ ᠦᠶ᠎ᠡ ᠶᠢᠨ ᠲᠡᠮᠡᠴᠡᠯ ᠤᠨ ᠳᠠᠭᠤᠤ ᠶᠢ ᠬᠠᠮᠲᠤ ᠪᠠᠷ ᠳᠠᠭᠤᠯᠠᠶ᠎ᠠ
ᠨᠡᠶᠢᠲᠡᠯᠡᠭᠰᠡᠨ ᠴᠠᠭ᠄
2021/12/20
20211220.jpg
      ᠣᠶᠢᠷ᠎ᠠ ᠳᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠬᠦᠮ ᠤᠨ ᠨᠠᠮ ᠤᠨ ᠡᠭᠦᠷ ᠠᠴᠠ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶ᠎ᠠ᠂ ᠬᠥᠬᠡᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠲᠠᠢ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠬᠦᠮ ᠤᠨ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ · ᠴᠠᠭ ᠦᠶ᠎ᠡ ᠶᠢᠨ ᠲᠡᠮᠡᠴᠡᠯ ᠤᠨ ᠳᠠᠭᠤᠤ ᠶᠢ ᠬᠠᠮᠲᠤ ᠪᠠᠷ ᠳᠠᠭᠤᠯᠠᠶ᠎ᠠ︾ ᠭᠤᠤᠯ ᠰᠡᠳᠦᠪᠲᠦ ᠳᠠᠭᠤᠤ ᠬᠥᠭᠵᠢᠮ ᠤᠨ ᠨᠠᠮ ᠤᠨ ᠬᠢᠴᠢᠶᠡᠯ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠣᠷᠣᠪᠠ᠃ ᠳᠠᠭᠤᠤ ᠬᠥᠭᠵᠢᠮ ᠤᠨ ᠨᠠᠮ ᠤᠨ ᠬᠢᠴᠢᠶᠡᠯ ᠨᠢ ᠴᠠᠭ ᠦᠶ᠎ᠡ ᠪᠠᠷ ᠠᠬᠤᠢ ᠪᠠᠶᠢᠳᠠᠯ ᠪᠣᠯᠭᠠᠵᠤ᠂ ᠨᠠᠮ ᠤᠨ ᠲᠡᠦᠬᠡ ᠪᠠᠷ ᠬᠥᠭᠦᠷᠭᠡ ᠪᠣᠯᠭᠠᠵᠤ᠂ ᠳᠠᠭᠤᠤ ᠬᠥᠭᠵᠢᠮ ᠤᠨ ᠤᠷᠠᠯᠢᠭ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠣᠷᠭᠠᠨᠢᠭ ᠢᠶᠠᠷ ᠠᠭᠤᠰᠤᠯᠴᠠᠭᠤᠯᠵᠤ᠂ ᠤᠷᠠᠯᠢᠭ ᠤᠨ ᠪᠦᠲᠦᠭᠡᠯ ᠢᠶᠠᠷ ᠬᠤᠪᠢᠰᠬᠠᠯ ᠤᠨ ᠰᠣᠶᠣᠯ ᠢ ᠶᠠᠷᠢᠵᠤ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠮᠠᠭᠲᠠᠨ ᠳᠠᠭᠤᠯᠠᠪᠠ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ