ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠠᠴᠠ ᠨᠠᠰᠢ ᠁
ᠨᠡᠶᠢᠲᠡᠯᠡᠭᠰᠡᠨ ᠴᠠᠭ᠄
2021/12/21
20211221.jpg
      ᠮᠠᠨ ᠤ ᠬᠤᠲᠠ 2019 ᠣᠨ ᠠᠴᠠ ᠡᠬᠢᠯᠡᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠠᠴᠠ ᠨᠠᠰᠢ᠂ ᠣᠳᠣᠬᠠᠨ ᠳᠤ ᠡᠯ᠎ᠡ ᠵᠦᠢᠯ ᠤᠨ ᠠᠵᠢᠯ ᠯᠠᠪᠳᠠᠭᠤᠨ ᠢᠶᠠᠷ ᠶᠠᠪᠤᠭᠳᠠᠵᠤ᠂ ᠢᠯᠡᠳᠲᠡ ᠦᠷ᠎ᠡ ᠪᠦᠲᠦᠮᠵᠢ ᠤᠯᠪᠠ᠃ 2021 ᠣᠨ ᠤ 10 ᠳ᠋ᠤᠭᠠᠷ ᠰᠠᠷ᠎ᠠ ᠪᠣᠯᠲᠠᠯ᠎ᠠ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ ᠶᠢ 100% ᠪᠠᠷ ᠪᠦᠷᠬᠦᠭᠦᠯᠵᠦ᠂ ᠰᠠᠭᠤᠭᠠᠯᠢ ᠠᠷᠠᠳ ᠤᠨ ᠮᠡᠳᠡᠬᠦ ᠨᠣᠷᠮ᠎ᠠ 95.6% ᠬᠦᠷᠴᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠰᠢᠭᠯᠠᠬᠤ ᠨᠣᠷᠮ᠎ᠠ 33% ᠬᠦᠷᠴᠡᠶ᠃ ᠡᠲᠡᠭᠡᠷ ᠠᠮᠢᠳᠤᠯᠢᠭ ᠲᠤᠭ᠎ᠠ ᠪᠠᠷᠢᠮᠲᠠ ᠠᠴᠠ ᠠᠮᠠᠷᠬᠠᠨ ᠦᠵᠡᠵᠦ ᠭᠠᠷᠬᠤ ᠨᠢ᠂ ᠮᠠᠨ ᠤ ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠦᠭᠡᠳ ᠣᠯᠤᠭᠰᠠᠨ ᠠᠮᠵᠢᠯᠲᠠ ᠪᠦᠲᠦᠮᠵᠢ ᠨᠢ ᠬᠤᠲᠠ ᠶᠢᠨ ᠠᠷᠠᠳ ᠨᠢᠭᠡᠪᠦᠷᠢ ᠶᠢᠨ ᠣᠷᠣᠯᠴᠠᠭ᠎ᠠ ᠪᠠ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠃ ᠡᠭᠦᠨ ᠳᠤ ᠰᠤᠷᠭᠠᠭᠤᠯᠢ ᠨᠢ ᠶᠠᠷᠢᠶᠠᠨ ᠥᠬᠡᠶ ᠲᠦᠢᠯ ᠤᠨ ᠴᠢᠬᠤᠯᠠ ᠦᠢᠯᠡᠳᠦᠯ ᠦᠵᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠴᠢᠬᠤᠯᠠ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ ᠮᠠᠰᠢ ᠲᠣᠪᠤᠶᠢᠮ᠎ᠠ ᠦᠢᠯᠡᠳᠦᠯ ᠦᠵᠡᠭᠦᠯᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ