ᠡᠪᠦᠯ ᠤᠨ ᠲᠤᠶᠢᠯ ᠤᠨ ᠪᠠᠩᠰᠢ ᠬᠥᠮᠥᠨ ᠪᠦᠬᠦᠨ ᠳᠤ ᠬᠠᠯᠠᠭᠤᠨ
ᠨᠡᠶᠢᠲᠡᠯᠡᠭᠰᠡᠨ ᠴᠠᠭ᠄
2021/12/22
20211222-2.jpg
      12 ᠳ᠋ᠤᠭᠠᠷ ᠰᠠᠷ᠎ᠠ ᠶᠢᠨ 20 ᠤ ᠡᠳᠦᠷ᠂ ᠢᠦᠢ ᠴᠢᠦᠸᠠᠨ ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠬᠠᠷᠢᠶ᠎ᠠ ᠲᠣᠭᠤᠷᠢᠭ ᠤᠨ ᠢᠶᠠᠨ ᠰᠠᠶᠢᠨ ᠳᠤᠷ᠎ᠠ ᠶᠢᠨ ᠦᠢᠯᠡᠴᠢᠯᠡᠭᠴᠢᠳ ᠲᠠᠢ ᠬᠠᠮᠲᠤᠷᠠᠨ ︽ᠦᠨᠳᠦᠰᠦᠲᠡᠨ ᠪᠦᠬᠦᠨ ᠤ ᠠᠷᠠᠳ ᠲᠦᠮᠡᠨ ᠨᠢᠭᠡ ᠭᠡᠷ ᠤᠨ ᠰᠢᠭ ᠪᠦᠯᠬᠦᠮᠳᠠᠨ᠂ ᠡᠪᠦᠯ ᠤᠨ ᠲᠤᠶᠢᠯ ᠤᠨ ᠪᠠᠩᠰᠢ ᠬᠥᠮᠥᠨ ᠪᠦᠬᠦᠨ ᠳᠤ ᠬᠠᠯᠠᠭᠤᠨ︾ ᠰᠡᠳᠦᠪ ᠢᠶᠠᠷ ᠪᠢᠶᠠᠨᠰᠢ ᠪᠣᠭᠤᠬᠤ ᠬᠥᠳᠡᠯᠭᠡᠭᠡᠨ ᠥᠷᠨᠢᠭᠦᠯᠪᠡ᠃ ᠪᠠᠩᠰᠢ ᠪᠠᠨ ᠪᠣᠭᠤᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠪᠣᠭᠤᠭᠰᠠᠨ ᠪᠠᠩᠰᠢ ᠪᠠᠨ ᠬᠠᠷᠢᠶ᠎ᠠ ᠲᠣᠭᠤᠷᠢᠭ ᠤᠨ 75 ᠨᠠᠰᠤᠨ ᠠᠴᠠ ᠳᠡᠭᠡᠭᠰᠢᠬᠢ ᠨᠠᠰᠤᠲᠠᠨ ᠤ ᠭᠡᠷ ᠲᠤ ᠬᠦᠷᠭᠡᠨ᠂ ᠠᠷᠠᠳ ᠤᠨ ᠵᠠᠩ ᠠᠭᠠᠯᠢ ᠶᠢ ᠤᠯᠠᠮᠵᠢᠯᠠᠨ ᠨᠡᠶᠢᠭᠡᠮ ᠲᠣᠭᠤᠷᠢᠭ ᠤᠨ ᠬᠠᠶᠢᠷ᠎ᠠ ᠰᠡᠳᠬᠢᠯᠭᠡ ᠶᠢ ᠳᠠᠮᠵᠢᠭᠤᠯᠤᠭᠰᠠᠨ ᠤ ᠬᠠᠮᠲᠤ ᠨᠠᠰᠤᠲᠠᠳ ᠲᠤ ᠬᠠᠯᠠᠭᠤᠨ ᠳᠤᠯᠠᠭᠠᠨ ᠬᠦᠰᠡᠯ ᠵᠥᠩᠨᠡᠯ ᠳᠡᠪᠰᠢᠭᠦᠯᠵᠡᠢ᠃ ᠰᠤᠷᠪᠤᠯᠵᠢᠯᠠᠭᠴᠢ ᠴᠢ ᠰᠢᠶᠥᠥ ᠶᠠᠨ  ᠴᠢᠮᠡᠭᠡᠯᠡᠭᠴᠢ ᠹᠧᠢ ᠵᠢᠶᠦᠸᠠᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ