ᠮᠠᠨ ᠤ ᠬᠤᠲᠠ ᠶᠢᠨ ᠪᠠᠰᠠ ᠬᠤᠶᠠᠷ ᠰᠦᠢᠳᠬᠡᠯ ᠬᠤᠷᠢᠶᠠᠬᠤ ᠦᠭᠡᠢ ᠮᠥᠰᠥ ᠴᠠᠰᠤᠨ ᠤ ᠲᠠᠯᠠᠪᠠᠢ ᠬᠤᠲᠠ ᠶᠢᠨ ᠠᠷᠠᠳ ᠲᠤ ᠨᠡᠭᠡᠭᠡᠯᠲᠡ ᠬᠢᠪᠡ
ᠨᠡᠶᠢᠲᠡᠯᠡᠭᠰᠡᠨ ᠴᠠᠭ᠄
2021/12/23
      ︵ᠰᠤᠷᠪᠤᠯᠵᠢᠯᠠᠭᠴᠢ ᠮᠢᠶᠣᠣ ᠰᠢᠨ︶ 22 ᠤᠨ ᠡᠳᠦᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠣᠰ ᠡᠳᠦᠷ ᠠᠴᠠ ᠡᠬᠢᠯᠡᠨ᠂ ᠮᠠᠨ ᠤ ᠬᠤᠲᠠ ᠪᠠᠰᠠ ᠬᠤᠶᠠᠷ ᠰᠦᠢᠳᠬᠡᠯ ᠬᠤᠷᠢᠶᠠᠬᠤ ᠦᠭᠡᠢ ᠮᠥᠰᠥ ᠴᠠᠰᠤᠨ ᠤ ᠲᠠᠯᠠᠪᠠᠢ ᠶᠢ ᠬᠤᠲᠠ ᠶᠢᠨ ᠠᠷᠠᠳ ᠲᠤ ᠨᠡᠭᠡᠭᠡᠯᠲᠡ ᠬᠢᠪᠡ᠂ ᠡᠨᠡ ᠬᠤᠶᠠᠷ ᠨᠢ ᠳᠠᠷᠤᠢ ᠲᠣᠰ ᠲᠣᠰ ᠰᠠᠶᠢᠬᠠᠨ ᠲᠣᠭᠤᠷᠢᠭ ᠤᠨ ᠶᠢᠨ ᠾᠧ ᠡᠮᠦᠨ᠎ᠡ ᠵᠡᠭᠡᠯᠢ ᠶᠢᠨ ᠨᠡᠶᠢᠲᠡ ᠶᠢᠨ ᠠᠰᠠᠷᠠᠮᠵᠢ ᠶᠢᠨ ᠮᠥᠰᠥ ᠴᠠᠰᠤᠨ ᠤ ᠲᠠᠯᠠᠪᠠᠶ ᠪᠠ ᠬᠥᠬᠡᠬᠤᠲᠠ ᠶᠢᠨ ᠴᠡᠴᠡᠷᠯᠢᠭ ᠤᠨ ᠵᠡᠭᠦᠨ ᠡᠭᠦᠳᠡᠨ ᠳᠠᠬᠢ ᠨᠠᠭᠤᠷ ᠮᠥᠰᠥ ᠴᠠᠰᠤᠨ ᠤ ᠲᠠᠯᠠᠪᠠᠶ ᠪᠣᠯᠤᠨ᠎ᠠ᠃       ᠲᠠᠨᠢᠯᠴᠠᠭᠤᠯᠤᠭᠰᠠᠨ ᠢᠶᠠᠷ᠂ ᠰᠠᠶᠢᠬᠠᠨ ᠲᠣᠭᠤᠷᠢᠭ ᠤᠨ ᠶᠢᠨ ᠾᠧ ᠡᠮᠦᠨ᠎ᠡ ᠵᠡᠭᠡᠯᠢ ᠶᠢᠨ ᠨᠡᠶᠢᠲᠡ ᠶᠢᠨ ᠠᠰᠠᠷᠠᠮᠵᠢ ᠶᠢᠨ ᠮᠥᠰᠥ ᠴᠠᠰᠤᠨ ᠤ ᠲᠠᠯᠠᠪᠠᠶ ᠨᠢ 8000 ᠲᠡᠭᠰᠢ ᠳᠥᠷᠪᠡᠯᠵᠢᠨ ᠮᠧᠲᠷ ᠡᠵᠡᠯᠡᠨ᠂ ᠴᠠᠰᠤᠨ ᠳᠡᠭᠡᠷᠡᠬᠢ ᠵᠤᠭ᠎ᠠ ᠴᠡᠩᠭᠡᠯ ᠤᠨ ᠲᠣᠭᠤᠷᠢᠭ᠂ ᠮᠥᠰᠥᠨ ᠳᠡᠭᠡᠷᠡᠬᠢ ᠵᠤᠭ᠎ᠠ ᠴᠡᠩᠭᠡᠯ ᠤᠨ ᠲᠣᠭᠤᠷᠢᠭ᠂ ᠮᠥᠰᠥ ᠲᠡᠰᠢᠯᠲᠡ ᠶᠢᠨ ᠲᠣᠭᠤᠷᠢᠭ ᠵᠡᠷᠭᠡ 3 ᠲᠣᠭᠤᠷᠢᠭ ᠭᠠᠷᠭᠠᠵᠤ᠂ ᠣᠳᠣᠬᠠᠨ ᠳᠤ ᠴᠠᠰᠤᠨ ᠳᠡᠭᠡᠷᠡᠬᠢ ᠵᠤᠭ᠎ᠠ ᠴᠡᠩᠭᠡᠯ ᠤᠨ ᠲᠣᠭᠤᠷᠢᠭ ᠢ ᠬᠠᠷᠠᠬᠠᠨ ᠨᠡᠭᠡᠭᠡᠭᠡ ᠦᠭᠡᠢ ᠪᠠᠶᠢᠨ᠎ᠠ᠃ ᠬᠥᠬᠡᠬᠤᠲᠠ ᠶᠢᠨ ᠴᠡᠴᠡᠷᠯᠢᠭ ᠤᠨ ᠨᠠᠭᠤᠷ ᠤᠨ ᠮᠥᠰᠥᠨ ᠲᠠᠯᠠᠪᠠᠢ ᠨᠢ ᠪᠠᠶᠢᠭᠠᠯᠢ ᠶᠢᠨ ᠳᠠᠪᠠᠭᠤᠯᠢᠭ ᠲᠠᠭᠠᠨ ᠲᠦᠰᠢᠭᠯᠡᠨ᠂ ︽ᠪᠦᠬᠦ ᠠᠷᠠᠳ ᠢᠶᠠᠷ ᠢᠶᠠᠨ ᠴᠠᠰᠤ ᠮᠥᠰᠥᠨ ᠳᠡᠭᠡᠷ᠎ᠡ ᠭᠠᠷᠴᠤ ᠨᠠᠭᠠᠳᠤᠨ ᠴᠡᠩᠭᠡᠬᠦ︾ ᠪᠠᠷ ᠭᠤᠣᠯ ᠰᠡᠳᠦᠪ ᠪᠣᠯᠭᠠᠭᠰᠠᠨ ᠮᠥᠰᠥ ᠴᠠᠰᠤᠨ ᠤ ᠵᠤᠭ᠎ᠠ ᠴᠡᠩᠭᠡᠯ ᠤᠨ ᠲᠠᠯᠠᠪᠠᠢ ᠶᠢ ᠪᠠᠶᠢᠭᠤᠯᠵᠠᠢ᠃ ᠣᠳᠣᠬᠠᠨ ᠳᠤ ᠨᠢᠭᠡᠨᠲᠡ ᠪᠦᠷᠢᠮᠦᠰᠦᠨ ᠨᠡᠭᠡᠭᠡᠯᠲᠡ ᠬᠢᠭᠰᠡᠨ ᠪᠣᠯᠤᠭᠰᠠᠨ ᠪᠣᠯᠬᠤᠷ ᠬᠤᠲᠠ ᠶᠢᠨ ᠠᠷᠠᠳ ᠥᠪᠡᠷᠲᠡᠭᠡᠨ ᠮᠥᠰᠥᠨ ᠳᠤ ᠲᠡᠰᠢᠬᠦ ᠲᠥᠬᠦᠭᠡᠷᠦᠮᠵᠢ ᠠᠪᠬᠤ ᠪᠤᠶᠤ ᠮᠥᠰᠥᠨ ᠱᠠᠬᠠᠶ ᠲᠦᠷᠢᠶᠡᠰᠦᠯᠡᠵᠦ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ